ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ  ᠬᠦᠯᠦᠰᠦᠨ ᠠᠵᠢᠯᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠬᠤ ᠶᠢ ᠦᠨᠳᠦᠰᠦᠨ ᠠᠴᠠ ᠨᠢ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ 2021 ᠣᠨ ᠤ 2 ᠳ᠋ᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/11/12
      11 ᠳ᠋ᠤᠭᠡᠷ ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠲᠡᠳ᠋ ᠳᠠᠷᠤᠭ᠎ᠠ ᠯᠢᠦ ᠵᠢᠶᠠᠨ ᠬᠤᠸᠠ ᠲᠢᠩᠬᠢᠮ ᠤᠨ ᠬᠦᠯᠦᠰᠦᠨ ᠠᠵᠢᠯᠴᠢᠨ ᠤ ᠴᠠᠯᠢᠩ ᠢ ᠤᠳᠠᠭᠠᠰᠢᠷᠠᠭᠤᠯᠤᠨ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 2 ᠳ᠋ᠤᠭᠠᠷ ᠤᠳᠠᠭ᠎ᠠ ᠶᠢᠨ ᠬᠤᠷᠠᠯ ᠢ ᠬᠤᠷᠠᠯᠳᠤᠭᠤᠯᠪᠠ᠃       ᠬᠤᠷᠠᠯ ᠠᠴᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠥᠯᠥᠰᠥᠨ ᠠᠵᠢᠯᠴᠢᠨ ᠤ ᠴᠠᠯᠢᠩ ᠢ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ ᠡᠪᠦᠯ ᠤᠨ ᠤᠯᠠᠷᠢᠯ ᠤᠨ ᠲᠤᠰᠬᠠᠶ ᠠᠵᠢᠯᠯᠠᠭ᠎ᠠ ᠶᠢ ᠳᠠᠶᠢᠴᠢᠯᠠᠨ ᠪᠠᠶᠢᠷᠢᠯᠠᠭᠤᠯᠬᠤ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ︿ᠵᠠᠭᠤᠨ ᠡᠳᠦᠷ ᠤᠨ ᠪᠤᠭᠤᠮᠳᠠ ᠰᠢᠪᠳᠤᠯᠠᠬᠤ﹀ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠰᠤᠳᠤᠯᠵᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
nm.jpg
      ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠬᠦᠯᠦᠰᠦᠨ ᠠᠵᠢᠯᠴᠢᠨ ᠤ ᠴᠠᠯᠢᠩ ᠢ ᠤᠳᠠᠭᠠᠰᠢᠷᠠᠭᠤᠯᠤᠨ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ᠂ ᠰᠢᠨ᠎ᠡ ᠡᠭᠦᠷᠭᠡ ᠶᠢ ᠣᠨᠣᠪᠴᠢᠲᠠᠶ ᠡᠵᠡᠮᠳᠡᠵᠦ᠂ ᠬᠦᠯᠦᠰᠦᠨ ᠠᠵᠢᠯᠴᠢᠨ ᠤ ᠴᠠᠯᠢᠩ ᠢ ᠥᠭᠬᠦ ᠶᠢ ᠪᠠᠲᠤᠯᠠᠬᠤ ᠬᠤᠯᠪᠣᠭᠳᠠᠯ ᠪᠥᠬᠦᠶ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠬᠤᠶᠠᠷ ᠲᠤ᠂ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠵᠦ᠂ ᠡᠯ᠎ᠡ ᠪᠦᠷᠢᠯᠳᠦᠬᠦᠨ ᠭᠠᠵᠠᠷ ᠭᠡᠷ ᠨᠢᠭᠡᠴᠡ ᠨᠦᠭᠦᠳ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ᠂ ᠬᠥᠯᠥᠰᠥᠨ ᠠᠵᠢᠯᠴᠢᠨ ᠤ ᠴᠠᠯᠢᠩ ᠢ ᠥᠷᠢᠲᠦᠵᠦ ᠤᠳᠠᠭᠠᠰᠢᠷᠠᠭᠤᠯᠬᠤ ᠶᠢ ᠦᠨᠳᠦᠰᠦᠨ ᠠᠴᠠ ᠨᠢ ᠵᠠᠰᠠᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠰᠠᠶᠢᠲᠤᠷ ᠰᠤᠳᠤᠯᠤᠨ ᠲᠣᠭᠲᠠᠭᠠᠬᠤ ᠬᠡᠷᠡᠭᠲᠡᠶ᠃ ᠭᠤᠷᠪᠠ ᠳᠤ᠂ ᠨᠢᠭᠡᠳᠦᠯᠲᠡᠶ ᠲᠥᠯᠥᠪᠯᠡᠨ ᠠᠷᠭ᠎ᠠ ᠤᠬᠠᠭᠠᠨ ᠰᠦᠪᠡᠭᠴᠢᠯᠡᠵᠦ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ᠃ ᠡᠯ᠎ᠡ ᠪᠦᠷᠢᠯᠳᠦᠬᠦᠨ ᠭᠠᠵᠠᠷ ᠬᠡᠷ ᠨᠢᠭᠡᠴᠡ ᠨᠦᠭᠦᠳ ᠤᠷᠢᠳᠴᠢᠯᠠᠨ ᠠᠷᠭ᠎ᠠ ᠰᠦᠪᠡᠭᠴᠢᠯᠡᠵᠦ᠂ ᠠᠵᠤ ᠠᠬᠤᠶᠢᠯᠠᠯ ᠤᠨ ᠥᠷᠢᠲᠦᠵᠦ ᠪᠠᠶᠢᠭ᠎ᠠ ᠴᠠᠯᠢᠩ ᠢᠶᠠᠨ ᠳᠥᠯᠥᠬᠦ ᠶᠢ ᠰᠢᠮᠳᠠᠭᠤᠯᠵᠤ᠂ ᠲᠥᠷᠥ ᠶᠢᠨ ᠪᠣᠳᠣᠯᠭ᠎ᠠ ᠶᠢ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠬᠦᠯᠦᠰᠦᠨ ᠠᠵᠢᠯᠴᠢᠨ ᠤ ᠴᠠᠯᠢᠩ ᠢᠶᠠᠨ ᠲᠤᠭ᠎ᠠ ᠶᠣᠰᠣᠭᠠᠷ ᠭᠦᠢᠴᠡᠳ ᠤᠯᠬᠤ ᠶᠢ ᠦᠨᠡᠨᠬᠦ ᠪᠠᠲᠤᠯᠠᠵᠤ᠂ ᠨᠡᠶᠢᠭᠡᠮ ᠤᠨ ᠲᠣᠭᠲᠠᠭᠤᠨ ᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ