ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠸᠢᠳᠢᠤ᠋ ᠬᠤᠷᠠᠯ ᠤᠨ ᠬᠡᠯᠪᠡᠷᠢ ᠪᠠᠷ ︽ᠨᠢᠭᠡ ᠨᠠᠭᠤᠷ ᠬᠤᠶᠠᠷ ᠲᠡᠯᠡᠶ︾ ᠶᠢᠨ ᠶᠡᠷᠦᠩᠬᠡᠶᠢᠯᠡᠨ ᠵᠠᠰᠠᠬᠤ ᠲᠤᠰᠬᠠᠶ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ ᠭᠤᠷᠪᠠᠳᠤᠭᠠᠷ ᠤᠳᠠᠭᠠᠨ ᠤ ᠡᠭᠡᠯᠵᠢᠳᠦ ᠬᠤᠷᠠᠯ ᠬᠢᠪᠠ
ᠨᠡᠶᠢᠲᠡᠯᠡᠭᠰᠡᠨ ᠴᠠᠭ᠄
2021/11/14
      11 ᠳ᠋ᠤᠭᠡᠷ ᠰᠠᠷ᠎ᠠ ᠶᠢᠨ 10 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠸᠢᠳᠢᠤ᠋ ᠬᠤᠷᠠᠯ ᠤᠨ ᠬᠡᠯᠪᠡᠷᠢ ᠪᠠᠷ ︽ᠨᠢᠭᠡ ᠨᠠᠭᠤᠷ ᠬᠤᠶᠠᠷ ᠲᠡᠯᠡᠶ︾ ᠶᠢᠨ ᠶᠡᠷᠦᠩᠬᠡᠶᠢᠯᠡᠨ ᠵᠠᠰᠠᠬᠤ ᠲᠤᠰᠬᠠᠶ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ ᠭᠤᠷᠪᠠᠳᠤᠭᠠᠷ ᠤᠳᠠᠭᠠᠨ ᠤ ᠡᠭᠡᠯᠵᠢᠳᠦ ᠬᠤᠷᠠᠯ ᠬᠢᠪᠠ᠃ ᠲᠢᠩᠬᠢᠮ ᠤᠨ ᠳᠡᠳ᠋ ᠳᠠᠷᠤᠭ᠎ᠠ ᠵᠢᠶᠧ ᠰᠢᠨ ᠮᠢᠨ ᠬᠤᠷᠠᠯ ᠡᠷᠬᠢᠯᠡᠵᠦ ᠶᠠᠷᠢᠶ᠎ᠠ ᠲᠠᠯᠪᠢᠪᠠ᠂ ᠲᠢᠩᠬᠢᠮ ᠤᠨ ᠪᠠᠶᠢᠭᠤᠯᠤᠯᠭ᠎ᠠ ᠶᠢᠨ ᠡᠯ᠎ᠡ ᠬᠠᠮᠢᠶ᠎ᠠ ᠪᠦᠬᠦᠢ ᠭᠠᠵᠠᠷ ᠭᠡᠷ ᠤᠨ ᠨᠥᠬᠦᠳ ᠭᠤᠣᠯ ᠬᠤᠷᠠᠯ ᠤᠨ ᠲᠠᠯᠠᠪᠠᠢ ᠳᠤ ᠣᠷᠣᠯᠴᠠᠵᠤ᠂ ᠤᠯᠠᠭᠠᠨᠴᠠᠪ ᠬᠤᠳᠠ᠂ ᠪᠠᠶᠠᠨᠨᠠᠭᠤᠷ ᠬᠤᠳᠠ᠂ ᠬᠥᠯᠥᠨ ᠪᠤᠶᠢᠷ ᠬᠤᠳᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠤᠪᠴᠢᠶ᠎ᠠ ᠶᠢᠨ ︽ᠨᠢᠭᠡ ᠨᠠᠭᠤᠷ ᠬᠤᠶᠠᠷ ᠲᠠᠯᠠᠢ︾ ᠢ ᠶᠡᠷᠦᠩᠬᠡᠶᠢᠯᠡᠨ ᠵᠠᠰᠠᠬᠤ ᠲᠤᠰᠬᠠᠢ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠥᠬᠦᠳ ᠠᠶᠢᠮᠠᠭ ᠬᠤᠳᠠ ᠶᠢᠨ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃
yh.jpg
      ᠬᠤᠷᠠᠯ ᠠᠴᠠ ︽ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ︿ᠨᠢᠭᠡ ᠨᠠᠭᠤᠷ ᠬᠤᠶᠠᠷ ᠲᠠᠯᠠᠢ﹀ ᠢ ᠶᠡᠷᠦᠩᠬᠡᠶᠢᠯᠡᠨ ᠵᠠᠰᠠᠬᠤ ᠠᠵᠢᠯ ᠢ ᠠᠬᠢᠭᠤᠯᠤᠭᠰᠠᠨ ᠬᠤᠯᠪᠣᠭᠳᠠᠯ ᠪᠦᠬᠦᠢ ᠪᠠᠶᠢᠳᠠᠯ ᠤᠨ ᠮᠡᠳᠡᠭᠦᠯᠦᠯᠲᠡ︾ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠤᠯᠪᠣᠭᠳᠠᠯ ᠪᠦᠬᠦᠢ ᠠᠶᠢᠮᠠᠭ ᠬᠤᠳᠠ ᠪᠣᠯᠤᠨ ᠬᠤᠯᠪᠣᠭᠳᠠᠯ ᠪᠦᠬᠦᠢ ᠭᠠᠵᠠᠷ ᠭᠡᠷ ᠤᠨ ︽ᠨᠢᠭᠡ ᠨᠠᠭᠤᠷ ᠬᠤᠶᠠᠷ ᠲᠠᠯᠠᠢ︾ ᠢ ᠶᠡᠷᠦᠩᠬᠡᠶᠢᠯᠡᠨ ᠵᠠᠰᠠᠬᠤ ᠲᠤᠰᠬᠠᠢ ᠠᠵᠢᠯ ᠢ ᠠᠬᠢᠭᠤᠯᠤᠭᠰᠠᠨ ᠪᠠᠶᠢᠳᠠᠯ ᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠵᠠᠢ᠃       ᠬᠤᠷᠠᠯ ᠠᠴᠠ᠂ 2021 ᠣᠨ ᠤ ᠠᠵᠢᠯ ᠤᠨ ᠲᠡᠭᠦᠰᠬᠡᠯ ᠢ ᠰᠠᠶᠢᠲᠤᠷ ᠬᠢᠵᠦ᠂ ᠵᠠᠰᠠᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃ ᠥᠪᠡᠷ ᠲᠡᠭᠡᠨ ᠪᠠᠶᠢᠴᠠᠭᠠᠬᠤ ᠶᠢ ᠬᠢᠨᠠᠮᠠᠭᠠᠶ ᠡᠮᠬᠢᠯᠡᠨ ᠳᠢᠭᠯᠡᠵᠦ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠵᠠᠰᠠᠬᠤ ᠠᠵᠢᠯ ᠤᠨ ᠰᠢᠯᠭᠠᠨ ᠪᠠᠶᠢᠴᠠᠭᠠᠬᠤ ᠪᠠ ᠪᠠᠶᠢᠴᠠᠭᠠᠨ ᠦᠵᠡᠬᠦ ᠶᠢ ᠳᠠᠭᠠᠭᠠᠵᠤ ᠳᠡᠶᠢᠯᠬᠦ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃       ᠬᠤᠷᠠᠯ ᠠᠴᠠ ᠱᠠᠭᠠᠷᠳᠠᠭᠰᠠᠨ ᠨᠢ᠂ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳ ᠭᠦᠢᠴᠡᠳᠭᠡᠵᠦ᠂ ᠡᠳᠦᠷ ᠲᠤᠲᠤᠮ ᠤᠨ ᠬᠢᠨᠠᠯᠲᠠ ᠵᠢᠯᠣᠭᠤᠳᠣᠯᠭ᠎ᠠ ᠪᠠᠨ ᠴᠢᠩᠭᠠᠳᠬᠠᠬᠤ ᠬᠡᠷᠡᠭᠲᠡᠶ᠃ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠵᠢᠴᠢ ᠡᠯ᠎ᠡ ᠬᠤᠯᠪᠣᠭᠳᠠᠯ ᠪᠥᠬᠦᠶ ᠭᠠᠵᠠᠷ ᠬᠡᠷ ᠠᠵᠢᠯ ᠤᠨ ᠬᠤᠪᠢᠶᠠᠷᠢᠯᠠᠯ ᠢᠶᠠᠨ ᠦᠨᠳᠦᠰᠦᠯᠡᠨ ᠵᠠᠰᠠᠬᠤ ᠲᠥᠷᠥᠯ ᠵᠦᠢᠯ ᠢ ᠲᠠᠨᠢᠵᠤ ᠠᠪᠴᠤ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠨ᠂ ︽ᠨᠢᠭᠡ ᠨᠠᠭᠤᠷ ᠬᠤᠶᠠᠷ ᠲᠡᠯᠡᠶ︾ ᠶᠢᠨ ᠲᠤᠰᠬᠠᠶ ᠵᠠᠰᠠᠬᠤ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ᠂ ᠮᠡᠷᠭᠡᠵᠢᠯ ᠤᠨ ᠵᠢᠯᠣᠭᠤᠳᠣᠯᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠬᠢᠵᠦ᠂ ᠠᠵᠢᠯ ᠤᠨ ᠰᠠᠨᠠᠭᠠᠴᠢᠯᠠᠭᠠᠲᠤ ᠴᠢᠨᠠᠷ ᠢ ᠡᠵᠡᠮᠳᠡᠬᠦ ᠬᠡᠷᠡᠭᠳᠡᠢ ᠭᠡᠪᠡ᠃
yh1.jpg
      ᠬᠤᠷᠠᠯ ᠠᠴᠠ᠂ ᠨᠠᠷᠢᠨ ᠬᠢᠨᠠᠮᠠᠭᠠᠢ ᠳ᠋ᠦᠩᠨᠡᠨ ᠰᠦᠪᠡᠭᠴᠢᠯᠡᠵᠦ᠂ ᠶᠡᠷᠦᠩᠬᠡᠶᠢᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ︽ᠨᠢᠭᠡ ᠨᠠᠭᠤᠷ ᠬᠤᠶᠠᠷ ᠲᠠᠯᠠᠢ︾ ᠢ ᠶᠡᠷᠦᠩᠬᠡᠶᠢᠯᠡᠨ ᠵᠠᠰᠠᠬᠤ ᠠᠵᠢᠯ ᠪᠣᠯ ᠨᠢᠭᠡᠨ ᠰᠢᠰᠲ᠋ᠧᠮᠲᠦ ᠢᠨᠵᠧᠨᠧᠷᠢᠩ ᠮᠥᠨ᠂ 2021 ᠣᠨ ᠤ ᠠᠵᠢᠯ ᠤᠨ ᠲᠤᠷᠰᠢᠯᠭ᠎ᠠ ᠶᠢ ᠰᠠᠶᠢᠲᠤᠷ ᠳ᠋ᠦᠩᠨᠡᠭᠰᠡᠨ ᠰᠠᠭᠤᠷᠢᠨ ᠳᠡᠭᠡᠷ᠎ᠡ᠂ ᠪᠣᠳᠠᠲᠠᠶ ᠶᠢ ᠡᠷᠬᠢᠮᠯᠡᠬᠦ ᠠᠵᠢᠯ ᠤᠨ ᠠᠷᠭ᠎ᠠ ᠬᠡᠮᠵᠢᠶ᠎ᠡ ᠠᠪᠴᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠶᠡᠷᠦᠩᠬᠡᠶᠢᠯᠡᠨ ᠵᠠᠰᠠᠬᠤ ᠠᠵᠢᠯ ᠤᠨ ᠦᠷᠭᠦᠯᠵᠢᠯᠡᠨ ᠭᠦᠨᠵᠡᠭᠡᠶᠢᠷᠡᠬᠦ ᠶᠢ ᠲᠦᠯᠬᠢᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ