ᠨᠢᠶᠧ ᠬᠠᠢ ᠵᠢᠶᠦ᠋ᠨ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠡᠳ᠋ ᠳᠠᠷᠤᠭ᠎ᠠ
ᠨᠡᠶᠢᠲᠡᠯᠡᠭᠰᠡᠨ ᠴᠠᠭ᠄
2021/11/14
 
聂海俊.jpg
       ᠮᠢᠨᠤ ᠠᠵᠢᠯ  ᠭᠦᠸᠧ ᠢᠦᠢ ᠹᠧᠩ ᠨᠥᠬᠦᠷ ᠢ ᠬᠠᠮᠵᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠲᠥᠯᠥᠪᠯᠡᠭᠡᠲᠦ ᠡᠳ᠋ ᠤᠨ ᠶᠠᠪᠤᠳᠠᠯ ᠂ ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ᠂ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠪᠣᠯᠤᠨ ᠲᠣᠭᠠᠴᠢᠯᠠᠭᠰᠠᠨ ᠬᠡᠷᠡᠭᠯᠡᠯᠲᠡ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠭᠠᠵᠠᠷ᠂ ᠲᠥᠯᠥᠪᠯᠡᠭᠡᠲᠦ ᠡᠳ᠋ ᠤᠨ ᠶᠠᠪᠤᠳᠠᠯ ᠤᠨ ᠭᠠᠵᠠᠷ᠂ ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠭᠠᠵᠠᠷ᠂ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠢ ᠰᠢᠯᠭᠠᠨ ᠪᠠᠶᠢᠴᠠᠭᠠᠵᠤ ᠬᠢᠨᠠᠨ ᠲᠣᠭᠲᠠᠭᠠᠬᠤ ᠪᠠ ᠡᠨᠧᠷᠭᠢ ᠶᠢᠨ ᠦᠷ᠎ᠡ ᠠᠰᠢᠭ ᠢ ᠰᠢᠯᠭᠠᠨ ᠲᠣᠭᠲᠠᠭᠠᠬᠤ ᠲᠥᠪ ᠢ ᠬᠤᠪᠢᠳᠠᠨ ᠬᠠᠮᠢᠶᠠᠷᠤᠨ᠎ᠠ᠃  ᠮᠢᠨᠤ ᠲᠣᠪᠴᠢ ᠨᠠᠮᠲᠠᠷ  ᠨᠢᠶᠧ ᠬᠠᠢ ᠵᠢᠶᠦ᠋ᠨ᠂ ᠡᠷᠡᠭᠲᠡᠢ᠂ ᠬᠢᠲᠠᠳ ᠦᠨᠳᠦᠰᠦᠲᠡᠨ᠂ 1968 ᠣᠨ ᠤ 9 ᠳ᠋ᠦ᠋ᠭᠡᠷ ᠰᠠᠷ᠎ᠠ ᠳᠤ ᠲᠥᠷᠥᠵᠡᠢ ᠃ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠣᠲᠣ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠶᠢᠨ ᠲᠤᠰᠢᠶᠠᠯ ᠲᠠᠢ᠃ 
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ