ᠬᠥᠯᠥᠨ ᠪᠤᠶᠢᠷ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠭᠡᠭᠡᠨ ᠭᠤᠤᠯ ᠬᠤᠲᠠ ᠳᠤ ᠭᠦᠨᠵᠡᠭᠡᠶᠢᠷᠡᠨ ᠢᠯᠴᠢ ᠬᠠᠩᠭᠠᠬᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2021/11/16
      ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠡᠨᠡ ᠡᠪᠦᠯ ᠢᠷᠡᠬᠦ ᠬᠠᠪᠤᠷ ᠤᠨ ᠢᠯᠴᠢ ᠬᠠᠩᠭᠠᠬᠤ ᠠᠵᠢᠯ ᠤᠨ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠶᠣᠰᠣᠭᠠᠷ᠂ 2021 ᠣᠨ ᠤ 11 ᠳ᠋ᠤᠭᠠᠷ ᠰᠠᠷ᠎ᠠ ᠶᠢᠨ 11 ᠤ ᠡᠳᠦᠷ᠂ ᠬᠥᠯᠥᠨ ᠪᠤᠶᠢᠷ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠵᠧᠤ ᠰᠢᠤᠢ ᠳ᠋ᠦᠩ ᠬᠠᠮᠢᠶ᠎ᠠ ᠪᠥᠬᠦᠶ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠢ ᠳᠠᠭᠠᠭᠤᠯᠤᠨ ᠭᠡᠭᠡᠨ ᠭᠤᠤᠯ ᠬᠤᠲᠠ ᠳᠤ ᠬᠦᠷᠴᠦ ᠢᠯᠴᠢ ᠬᠠᠩᠭᠠᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃       ᠵᠧᠦ ᠰᠢᠤᠢ ᠳ᠋ᠦᠩ ᠨᠡᠷ ᠲᠤᠰ ᠲᠤᠰ ᠭᠡᠭᠡᠨ ᠭᠤᠣᠯ ᠬᠤᠳᠠ ᠶᠢᠨ ᠭᠤᠸᠠᠩ ᠮᠢᠩ ᠢᠯᠴᠢ ᠶᠢᠨ ᠴᠠᠬᠢᠯᠭᠠᠨ ᠤ ᠺᠣᠮᠫᠠᠨᠢ᠂ ᠤᠰᠤᠨ ᠤ ᠦᠷᠳᠡᠭᠡ ᠵᠢᠴᠢ ᠬᠡᠲᠦᠷᠡᠮᠡᠬᠡᠢ ᠬᠡᠷᠡᠭᠯᠡᠭᠴᠢᠳ ᠭᠡᠷ ᠲᠤ ᠬᠦᠷᠴᠦ᠂ ᠭᠡᠭᠡᠨ ᠭᠤᠣᠯ ᠬᠤᠳᠠ ᠶᠢᠨ ᠲᠣᠭᠤᠷᠢᠭ ᠤᠨ ᠢᠯᠴᠢ ᠬᠠᠩᠭᠠᠯᠲᠠ ᠶᠢ ᠰᠢᠨᠡᠳᠬᠡᠨ ᠥᠭᠡᠷᠡᠴᠢᠯᠡᠬᠦ ᠢᠨᠵᠧᠨᠧᠷᠢᠩ ᠤᠨ ᠠᠬᠢᠴᠠ ᠶᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠬᠤ ᠶᠢᠨ ᠬᠠᠮᠲᠤ ᠬᠡᠲᠦᠷᠡᠮᠡᠬᠡᠢ ᠬᠡᠷᠡᠭᠯᠡᠭᠴᠢᠳ ᠢ ᠰᠤᠷᠪᠤᠯᠵᠢᠯᠠᠵᠤ᠂ ᠠᠷᠠᠳ ᠤᠨ ᠰᠤᠷᠪᠤᠯᠵᠢᠯᠠᠭ᠎ᠠ ᠶᠢᠨ ᠠᠵᠢᠯ ᠢ ᠥᠷᠨᠢᠭᠦᠯᠵᠦ᠂ ᠰᠠᠭᠤᠭᠠᠯᠢ ᠠᠷᠠᠳ ᠤᠨ ᠭᠡᠷ ᠤᠨ ᠢᠯᠴᠢ ᠬᠠᠩᠭᠠᠯᠲᠠ ᠶᠢᠨ ᠳᠤᠯᠠᠭᠠᠨ ᠤ ᠬᠡᠮᠵᠢᠶ᠎ᠡ ᠶᠢ ᠪᠠᠶᠢᠴᠠᠭᠠᠨ ᠦᠵᠡᠪᠡ᠃
      ᠭᠡᠭᠡᠨ ᠭᠤᠣᠯ ᠬᠤᠳᠠ ᠶᠢᠨ ᠭᠤᠸᠠᠩ ᠮᠢᠩ ᠢᠯᠴᠢ ᠶᠢᠨ ᠴᠠᠬᠢᠯᠭᠠᠨ ᠤ ᠺᠣᠮᠫᠠᠨᠢ ᠶᠢᠨ ᠢᠯᠴᠢ ᠶᠢᠨ ᠲᠣᠣᠷ ᠤᠨ ᠳᠤᠬᠢᠷᠠᠭᠤᠯᠭ᠎ᠠ ᠶᠢᠨ ᠵᠢᠯᠣᠭᠤᠳᠬᠤ ᠲᠥᠪ ᠲᠤ᠂ ᠵᠧᠦ ᠰᠢᠤᠢ ᠳ᠋ᠦᠩ ᠬᠢᠨᠠᠨ ᠬᠡᠮᠵᠢᠬᠦ ᠲᠠᠪᠴᠠᠩ ᠢᠶᠠᠷ ᠳᠠᠮᠵᠢᠨ ᠪᠦᠬᠦ ᠬᠤᠳᠠ ᠶᠢᠨ ᠢᠯᠴᠢ ᠬᠠᠩᠭᠠᠬᠤ ᠪᠦᠬᠦᠯᠢ ᠴᠣᠭᠴᠠ ᠶᠢᠨ ᠪᠠᠶᠢᠳᠠᠯ᠂ ᠡᠯ᠎ᠡ ᠪᠠᠭ᠎ᠠ ᠲᠣᠭᠤᠷᠢᠭ ᠤᠨ ᠲᠤᠬᠠᠢ ᠶᠢᠨ ᠴᠠᠭ ᠤᠨ ᠭᠡᠷ ᠤᠨ ᠳᠤᠯᠠᠭᠠᠨ ᠤ ᠲᠤᠭ᠎ᠠ ᠪᠠᠷᠢᠮᠲᠠ ᠶᠢ ᠪᠠᠶᠢᠴᠠᠭᠠᠨ ᠦᠵᠡᠵᠦ᠂ ᠤᠯᠤᠭᠠᠢ ᠰᠢᠶᠠᠩ ᠵᠢᠴᠢ ᠢ ᠵᠢᠤᠢ ᠰᠢ ᠪᠠᠭ᠎ᠠ ᠲᠣᠭᠤᠷᠢᠭ ᠵᠡᠷᠭᠡ ᠬᠡᠲᠦᠷᠡᠮᠡᠬᠡᠢ ᠬᠡᠷᠡᠭᠯᠡᠭᠴᠢᠳ ᠤᠨ ᠲᠤᠭ᠎ᠠ ᠪᠠᠷᠢᠮᠲᠠ ᠶᠢ ᠭᠤᠣᠯᠳᠠᠯᠭ᠎ᠠ ᠲᠠᠢ ᠪᠠᠶᠢᠴᠠᠭᠠᠨ ᠦᠵᠡᠪᠡ᠃ ᠲᠡᠷᠡ ᠵᠢᠭᠠᠵᠤ ᠭᠠᠷᠭᠠᠭᠰᠠᠨ ᠨᠢ᠂ ᠭᠡᠭᠡᠨ ᠭᠤᠣᠯ ᠬᠤᠲᠠ ᠶᠢᠨ ᠢᠯᠴᠢ ᠬᠠᠩᠭᠠᠬᠤ ᠶᠢ ᠰᠢᠨᠡᠳᠬᠡᠨ ᠥᠭᠡᠷᠡᠴᠢᠯᠡᠬᠦ ᠢᠨᠵᠧᠨᠧᠷᠢᠩ ᠨᠢ ᠥᠪᠡᠷᠲᠡᠭᠡᠨ ᠵᠠᠰᠠᠬᠤ ᠣᠷᠣᠨ ᠤ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ ᠭᠤᠣᠯᠳᠠᠯᠭ᠎ᠠ ᠲᠠᠢ ᠢᠨᠵᠧᠨᠧᠷᠢᠩ ᠪᠣᠯᠤᠭᠰᠠᠨ ᠤ ᠬᠤᠪᠢ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠲᠣᠭᠲᠠᠮᠠᠯ ᠬᠤᠭᠤᠴᠠᠭ᠎ᠠ ᠲᠠᠢ ᠲᠣᠬᠢᠷᠠᠭᠤᠯᠤᠯᠲᠠ ᠪᠠ ᠨᠠᠷᠢᠨ ᠨᠢᠮᠪᠠᠶ ᠵᠢᠯᠣᠭᠤᠳᠣᠯᠭ᠎ᠠ ᠳᠣᠤᠷ᠎ᠠ᠂ ᠭᠡᠭᠡᠨ ᠭᠤᠤᠯ ᠬᠤᠲᠠ ᠶᠢᠨ ᠭᠤᠸᠠᠩ ᠮᠢᠩ ᠢᠯᠴᠢ ᠶᠢᠨ ᠴᠠᠬᠢᠯᠭᠠᠨ ᠤ ᠺᠣᠮᠫᠠᠨᠢ ᠶᠢᠨ ᠪᠥᠬᠦ ᠬᠦᠴᠦᠨ ᠤ ᠠᠬᠢᠭᠤᠯᠤᠯ ᠳᠣᠤᠷ᠎ᠠ᠂ ᠣᠳᠣᠬᠠᠨ ᠳᠤ ᠭᠡᠭᠡᠨ ᠭᠤᠤᠯ ᠬᠤᠲᠠ ᠶᠢᠨ ᠢᠯᠴᠢ ᠬᠠᠩᠭᠠᠬᠤ ᠠᠵᠢᠯ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃ ᠵᠧᠦ ᠰᠢᠤᠢ ᠳ᠋ᠦᠩ᠂ ᠡᠨᠡ ᠡᠪᠦᠯ ᠢᠷᠡᠬᠦ ᠬᠠᠪᠤᠷ ᠤᠨ ᠬᠥᠯᠥᠨ ᠪᠤᠶᠢᠷ ᠬᠤᠳᠠ ᠳᠤ ᠲᠤᠯᠭᠠᠷᠠᠵᠤ ᠪᠠᠶᠢᠭ᠎ᠠ ᠲᠦᠢᠯ ᠤᠨ ᠬᠦᠢᠳᠡᠨ ᠠᠭᠤᠷ ᠠᠮᠢᠰᠬᠤᠯ ᠳᠤ ᠴᠢᠭᠯᠡᠭᠦᠯᠦᠨ᠂ ᠭᠡᠭᠡᠨ ᠭᠤᠣᠯ ᠬᠤᠳᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠤᠪᠴᠢᠶ᠎ᠠ᠂ ᠭᠤᠸᠠᠩ ᠮᠢᠩ ᠢᠯᠴᠢ ᠴᠠᠬᠢᠯᠭᠠᠨ ᠤ ᠺᠣᠮᠫᠠᠨᠢ ᠶᠢᠨ ᠬᠢᠨ ᠲᠦᠢᠯ ᠤᠨ ᠬᠦᠢᠳᠡᠨ ᠠᠭᠤᠷ ᠠᠮᠢᠰᠬᠤᠯ ᠤᠨ ᠢᠯᠴᠢ ᠬᠠᠩᠭᠠᠬᠤ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠣᠭᠲᠠᠭᠠᠬᠤ ᠵᠢᠴᠢ ᠨᠡᠭᠦᠷᠡᠰᠦ ᠰᠢᠲᠠᠭᠠᠬᠤ ᠨᠥᠭᠡᠴᠡᠯᠡᠬᠦ ᠠᠵᠢᠯ ᠢ ᠰᠠᠶᠢᠲᠤᠷ ᠬᠢᠵᠦ᠂ ᠡᠨᠡ ᠡᠪᠦᠯ ᠢᠷᠡᠬᠦ ᠬᠠᠪᠤᠷ ᠤᠨ ᠢᠯᠴᠢ ᠬᠠᠩᠭᠠᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ᠂ ᠭᠡᠭᠡᠨ ᠭᠤᠣᠯ ᠬᠤᠳᠠ ᠶᠢᠨ ᠠᠷᠠᠳ ᠤᠯᠠᠨ ᠤ ᠳᠤᠯᠠᠭᠠᠨ ᠪᠦᠯᠢᠶᠡᠨ ᠡᠪᠦᠯ ᠢ ᠥᠩᠭᠡᠷᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
hu2.jpg
      ᠲᠠᠷᠠᠭ᠎ᠠ ᠨᠢ ᠵᠧᠦ ᠰᠢᠤᠢ ᠳ᠋ᠦᠩ ᠨᠡᠷ ᠤᠯᠤᠭᠠᠢ ᠰᠢᠶᠠᠩ᠂ ᠢ ᠵᠢᠦᠢ ᠰᠢ ᠪᠠᠷᠠᠭᠤᠨ ᠲᠤᠭᠤᠷᠢᠭ᠂ ᠲᠡᠮᠤᠷ ᠵᠠᠮ ᠤᠨ ᠪᠠᠭ᠎ᠠ ᠲᠣᠭᠤᠷᠢᠭ᠂ ᠯᠢᠨ ᠬᠠᠢ ᠶᠤᠸᠠᠨ ᠲᠤᠭᠤᠷᠢᠭ ᠵᠡᠷᠭᠡ ᠤᠰᠤᠨ ᠦᠷᠳᠡᠭᠡ ᠶᠢᠨ ᠳᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠡᠯ᠎ᠡ ᠤᠰᠤᠨ ᠦᠷᠳᠡᠭᠡ ᠶᠢᠨ ᠡᠵᠡᠮᠳᠡᠯ ᠤᠨ ᠰᠢᠰᠲ᠋ᠧᠮ ᠤᠨ ᠤᠰᠤ ᠬᠠᠩᠭᠠᠬᠤ ᠳᠤᠯᠠᠭᠠᠨ ᠤ ᠬᠡᠮᠵᠢᠶ᠎ᠡ ᠶᠢᠨ ᠪᠠᠶᠢᠳᠠᠯ ᠢ ᠪᠠᠶᠢᠴᠠᠭᠠᠨ ᠦᠵᠡᠪᠡ᠃ ᠢ ᠵᠢᠤᠢ ᠰᠢ ᠪᠠᠭ᠎ᠠ ᠲᠣᠭᠤᠷᠢᠭ᠂ ᠲᠡᠮᠦᠷ ᠵᠠᠮ ᠤᠨ ᠪᠠᠭ᠎ᠠ ᠲᠣᠭᠤᠷᠢᠭ ᠵᠡᠷᠭᠡ ᠬᠡᠲᠦᠷᠡᠮᠡᠬᠡᠢ ᠬᠡᠷᠡᠭᠯᠡᠭᠴᠢᠳ ᠤᠨ ᠬᠡᠷ ᠲᠤ ᠲᠣᠬᠢᠶᠠᠯᠳᠤᠯ ᠢᠶᠠᠷ ᠬᠦᠷᠴᠦ ᠠᠷᠠᠳ ᠤᠨ ᠰᠤᠷᠪᠤᠯᠵᠢᠯᠠᠭ᠎ᠠ ᠠᠵᠢᠯ ᠥᠷᠨᠢᠭᠦᠯᠵᠦ᠂ ᠪᠠᠭ᠎ᠠ ᠲᠣᠭᠤᠷᠢᠭ ᠤᠨ ᠰᠠᠭᠤᠭᠠᠯᠢ ᠠᠷᠠᠳ ᠭᠡᠭᠡᠨ ᠭᠤᠣᠯ ᠬᠤᠳᠠ ᠶᠢᠨ ᠲᠣᠭᠤᠷᠢᠭ ᠤᠨ ᠢᠯᠴᠢ ᠬᠠᠩᠭᠠᠯᠭ᠎ᠠ ᠶᠢ ᠰᠢᠨᠡᠳᠬᠡᠨ ᠥᠭᠡᠷᠡᠴᠢᠯᠡᠬᠦ ᠢᠨᠵᠧᠨᠧᠷᠢᠩ ᠤᠨ ᠬᠡᠷᠡᠭᠵᠢᠭᠦᠯᠦᠯᠲᠡ ᠳᠤ ᠨᠢᠭᠡᠳᠦᠯᠲᠡᠢ ᠵᠥᠪᠰᠢᠶᠡᠷᠡᠯ ᠪᠠ ᠰᠠᠶᠢᠨ ᠦᠨᠡᠯᠡᠯᠲᠡ ᠥᠭᠴᠡᠢ᠃ ᠢᠨᠵᠧᠨᠧᠷᠢᠩ ᠢ ᠬᠡᠷᠡᠭᠵᠢᠭᠦᠯᠦᠭᠰᠡᠨ ᠤ ᠳᠠᠷᠠᠭ᠎ᠠ ᠬᠡᠲᠦ ᠬᠡᠷᠡᠭᠯᠡᠭᠴᠢᠳ ᠤᠨ ᠢᠯᠴᠢ ᠬᠠᠩᠭᠠᠬᠤ ᠳᠤᠯᠠᠭᠠᠨ ᠤ ᠬᠡᠮᠵᠢᠶ᠎ᠡ ᠳᠡᠭᠡᠷ᠎ᠡ ᠵᠢᠯ ᠤᠨ ᠬᠢ ᠠᠴᠠ ᠢᠯᠡᠳᠲᠡ ᠳᠡᠭᠡᠭᠰᠢᠯᠡᠵᠦ᠂ ᠰᠠᠭᠤᠭᠠᠯᠢ ᠠᠷᠠᠳ ᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ ᠠᠵᠢᠯ ᠢ ᠦᠨᠡᠨᠬᠦ ᠪᠣᠳᠠᠲᠠᠶ ᠪᠠᠷ ᠨᠠᠶᠢᠳᠠᠪᠤᠷᠢᠵᠢᠭᠤᠯᠪᠠ᠃
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ