2021 ᠣᠨ ᠤ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠢᠨᠵᠧᠨᠧᠷᠢᠩ ᠤᠨ ᠰᠢᠰᠲ᠋ᠧᠮ ᠤᠨ ᠥᠨᠳᠥᠷ᠂ ᠳᠤᠮᠳᠠ᠂ ᠠᠩᠬ᠎ᠠ ᠵᠡᠷᠭᠡ ᠶᠢᠨ ᠮᠡᠷᠭᠡᠵᠢᠯ ᠤᠨ ᠴᠣᠯᠠ ᠶᠢᠨ ᠰᠢᠯᠭᠠᠷᠠᠭᠤᠯᠤᠯᠲᠠ ᠳᠤ ᠪᠠᠲᠤᠯᠠᠭᠳᠠᠭᠰᠠᠳ ᠤᠨ ᠨᠡᠷᠡᠰ ᠢ ᠵᠠᠷᠯᠠᠨ ᠨᠡᠶᠢᠲᠡᠯᠡᠬᠦ ᠲᠤᠬᠠᠶ ᠠᠯᠪᠠᠨ ᠨᠡᠶᠢᠳᠡᠯᠡᠯ
ᠨᠡᠶᠢᠲᠡᠯᠡᠭᠰᠡᠨ ᠴᠠᠭ᠄
2021/11/18
      ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ︽2021 ᠣᠨ ᠤ ᠪᠥᠬᠦ ᠣᠷᠣᠨ ᠤ ᠮᠡᠷᠭᠡᠵᠢᠯ ᠤᠨ ᠴᠣᠯᠠ ᠶᠢᠨ ᠥᠭᠡᠷᠡᠴᠢᠯᠡᠯᠲᠡ ᠶᠢᠨ ᠠᠵᠢᠯ ᠤᠨ ᠲᠣᠬᠢᠷᠠᠭᠤᠯᠤᠯᠲᠠ ᠶᠢᠨ ᠰᠠᠨᠠᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠬᠥᠮᠦᠨ ᠨᠡᠶᠢᠭᠡᠮ ᠠᠯᠪᠠᠨ ᠲᠠᠷᠬᠠᠭᠠᠭᠰᠠᠨ ﹇2021﹈ 81 ᠳ᠋ᠦᠭᠡᠷ ᠲᠣᠭᠠᠲᠤ︶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ 2021 ᠣᠨ ᠤ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠢᠨᠵᠧᠨᠧᠷᠢᠩ ᠤᠨ ᠰᠢᠰᠲ᠋ᠧᠮ ᠤᠨ ᠥᠨᠳᠥᠷ᠂ ᠳᠤᠮᠳᠠ᠂ ᠠᠩᠬ᠎ᠠ ᠵᠡᠷᠭᠡ ᠶᠢᠨ ᠢᠨᠵᠧᠨᠧᠷ ᠢ ᠬᠢᠨᠠᠨ ᠲᠣᠭᠲᠠᠭᠠᠬᠤ ᠠᠵᠢᠯ ᠢ ᠨᠢᠭᠡᠨᠲᠡ ᠳᠠᠭᠤᠰᠬᠠᠪᠠ᠂ ᠡᠳᠦᠭᠡ ᠪᠠᠲᠤᠯᠠᠭᠳᠠᠭᠰᠠᠨ ᠬᠥᠮᠦᠰ ᠢ ᠢᠯᠡ ᠨᠡᠶᠢᠳᠡᠯᠡᠶ᠎ᠡ᠃       ᠢᠯᠡ ᠨᠡᠶᠢᠲᠡᠯᠡᠬᠦ ᠴᠠᠭ᠄ 2021 ᠣᠨ ᠤ 11 ᠳ᠋ᠤᠭᠡᠷ ᠰᠠᠷ᠎ᠠ ᠶᠢᠨ 17 ᠤ ᠡᠳᠦᠷ ᠠᠴᠠ 11 ᠳ᠋ᠤᠭᠡᠷ ᠰᠠᠷ᠎ᠠ ᠶᠢᠨ 24 ᠤ ᠡᠳᠦᠷ ᠪᠣᠯᠲᠠᠯ᠎ᠠ᠃       ᠢᠯᠡ ᠨᠡᠶᠢᠲᠡᠯᠡᠬᠦ ᠬᠤᠭᠤᠴᠠᠭᠠᠨ ᠳᠤ ᠬᠡᠷᠪᠡ ᠠᠰᠠᠭᠤᠳᠠᠯ ᠲᠠᠢ ᠪᠣᠯ᠂ ᠤᠲᠠᠰᠤ᠂ ᠵᠠᠬᠢᠳᠠᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠠᠵᠢᠯ ᠤᠨ ᠰᠢᠰᠲ᠋ᠧᠮ ᠤᠨ ᠲᠤᠰᠬᠠᠶ ᠮᠡᠷᠭᠡᠵᠢᠯ ᠤᠨ ᠬᠢᠷᠢ ᠬᠡᠮ ᠢ ᠬᠢᠨᠠᠨ ᠰᠢᠯᠭᠠᠷᠠᠭᠤᠯᠬᠤ ᠵᠦᠪᠯᠡᠯ ᠤᠨ ᠬᠡᠷᠡᠭ ᠡᠷᠭᠢᠯᠡᠬᠦ ᠪᠠᠶᠢᠭᠤᠯᠤᠮᠵᠢ ᠳᠤ ᠰᠠᠨᠠᠯ ᠢᠶᠠᠨ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠨᠢ ᠦᠨᠡᠨ ᠪᠣᠳᠠᠲᠠᠶ ᠨᠠᠶᠢᠳᠠᠪᠤᠷᠢᠲᠠᠶ ︵ᠪᠢᠴᠢᠭ ᠤᠨ ᠮᠠᠲ᠋ᠧᠷᠢᠶᠠᠯ ᠢ ᠳᠠᠭᠠᠯᠳᠤᠭᠤᠯᠪᠠ︶ ᠪᠥᠭᠡᠳ ᠦᠨᠡᠨ ᠪᠣᠳᠠᠲᠠᠶ ᠣᠪᠣᠭ ᠨᠡᠷ᠎ᠡ ᠪᠠᠨ ᠪᠢᠴᠢᠬᠦ ᠬᠡᠷᠡᠭᠲᠡᠶ᠃       ᠬᠠᠷᠢᠯᠴᠠᠬᠤ ᠤᠲᠠᠰᠤ᠄ 0471—6509187           ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠢᠨᠵᠧᠨᠧᠷᠢᠩ ‍ᠤᠨ‌‍ᠰᠢᠰᠲ᠋ᠧᠮ ᠤᠨ ᠲᠤᠰᠬᠠᠶ ᠮᠡᠷᠭᠡᠵᠢᠯ ᠤᠨ ᠬᠢᠷᠢ ᠭᠡᠮ ᠤᠨ ᠬᠢᠨᠠᠨ ᠰᠢᠯᠭᠠᠷᠠᠭᠤᠯᠬᠤ ᠵᠦᠪᠯᠡᠯ
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ