2021 ᠣᠨ ᠤ 1 — 9 ᠰᠠᠷ᠎ᠠ ᠳᠤ ᠪᠥᠬᠦ ᠣᠷᠣᠨ ᠤ ᠪᠣᠬᠢᠷᠲᠤᠯ ᠥᠬᠡᠶ ᠪᠠᠷᠢᠯᠭ᠎ᠠ ᠶᠢᠨ ᠲᠠᠯᠠᠪᠠᠶ 2298.57 ᠲᠦᠮᠡᠨ ᠲᠡᠭᠰᠢ ᠳᠥᠷᠪᠡᠯᠵᠢᠨ ᠮᠧᠲᠷ ᠲᠤ ᠬᠥᠷᠪᠡ
ᠨᠡᠶᠢᠲᠡᠯᠡᠭᠰᠡᠨ ᠴᠠᠭ᠄
2021/11/4
       ᠵᠢᠯ ᠤᠨ ᠡᠬᠢᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢᠨ ᠲᠦᠷᠢᠮ︾ ︽ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ᠵᠡᠷᠭᠡ ᠬᠠᠤᠯᠢ ᠲᠣᠭᠲᠠᠭᠠᠯ ᠲᠥᠷᠥ ᠶᠢᠨ ᠪᠤᠳᠤᠯᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠦᠷᠢᠵᠢᠭᠤᠯᠵᠦ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠡᠨᠧᠷᠭᠢ ᠶᠢᠨ ᠬᠤᠷᠣᠭᠳᠠᠭᠤᠯᠤᠯ ᠤᠨ ︽ᠬᠤᠶᠠᠷ ᠢ ᠡᠵᠡᠮᠳᠡᠬᠦ︾ ᠠᠵᠢᠯ ᠢ ᠴᠢᠩᠭᠠᠳᠬᠠᠨ᠂ ᠨᠡᠭᠦᠷᠡᠰᠦᠲᠥ᠋ᠷᠥᠭᠴᠢ ᠶᠢᠨ ᠣᠷᠭᠢᠯ ᠳᠤ ᠬᠥᠷᠬᠦ ᠪᠠ ᠨᠡᠭᠦᠷᠡᠰᠦᠲᠥ᠋ᠷᠥᠭᠴᠢ ᠰᠠᠭᠠᠷᠮᠠᠭᠵᠢᠭᠤᠯᠬᠤ ᠬᠠᠷᠠᠯᠲᠠ ᠶᠢ ᠪᠡᠶᠡᠯᠡᠭᠦᠯᠬᠦ ᠶᠢ ᠠᠬᠢᠭᠤᠯᠵᠤ᠂ ᠪᠥᠬᠦ ᠣᠷᠣᠨ ᠤ ᠪᠣᠬᠢᠷᠲᠤᠯ ᠥᠬᠡᠶ ᠪᠠᠷᠢᠯᠭ᠎ᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠪᠠ᠃       2021 ᠣᠨ ᠤ 1 — 9 ᠰᠠᠷ᠎ᠠ ᠳᠤ ᠪᠥᠬᠦ ᠣᠷᠣᠨ ᠤ ᠪᠠᠷᠢᠯᠭ᠎ᠠ ᠶᠢᠨ ᠵᠢᠷᠤᠭ ᠤᠨ ᠬᠢᠨᠠᠨ ᠪᠠᠶᠢᠴᠠᠭᠠᠯᠲᠠ ᠶᠢ ᠥᠩᠭᠡᠷᠡᠭᠡᠭᠰᠡᠨ ᠪᠣᠬᠢᠷᠲᠤᠯ ᠥᠬᠡᠶ ᠪᠠᠷᠢᠯᠭ᠎ᠠ ᠶᠢᠨ ᠲᠥᠷᠥᠯ ᠵᠦᠢᠯ ᠨᠡᠶᠢᠲᠡ 1298 ᠵᠦᠢᠯ᠂ 2298.57 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 7% ᠪᠠᠷ ᠨᠡᠮᠡᠭᠳᠡᠪᠡ︔ ᠪᠣᠬᠢᠷᠲᠤᠯ ᠥᠬᠡᠶ ᠪᠠᠷᠢᠯᠭ᠎ᠠ ᠶᠢᠨ ᠦᠨᠡᠯᠡᠯᠲᠡ ᠶᠢᠨ ᠲᠡᠮᠳᠡᠭ ᠢ ᠣᠯᠤᠭᠰᠠᠨ ᠲᠥᠷᠥᠯ ᠵᠦᠢᠯ ᠨᠡᠶᠢᠲᠡ 7 ᠵᠦᠢᠯ᠂ 113.58 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠡᠢ᠃ ᠡᠭᠦᠨ ᠳᠤ᠂ ᠬᠥᠬᠡᠬᠤᠲᠠ ᠳᠤ ᠪᠠᠷᠢᠯᠭ᠎ᠠ ᠶᠢᠨ ᠵᠢᠷᠤᠭ ᠤᠨ ᠬᠢᠨᠠᠨ ᠪᠠᠶᠢᠴᠠᠭᠠᠯᠲᠠ ᠶᠢ ᠥᠩᠭᠡᠷᠡᠭᠡᠭᠰᠡᠨ ᠪᠣᠬᠢᠷᠲᠤᠯ ᠦᠭᠡᠶ ᠪᠠᠷᠢᠯᠭ᠎ᠠ ᠶᠢᠨ ᠲᠠᠯᠠᠪᠠᠶ 600 ᠲᠦᠮᠡᠨ ᠲᠡᠭᠰᠢ ᠳᠥᠷᠪᠡᠯᠵᠢᠨ ᠮᠧᠲᠷ ᠢ ᠳᠠᠪᠠᠵᠤ᠂ ᠬᠥᠯᠥᠨ ᠪᠤᠶᠢᠷ ᠬᠤᠲᠠ᠂ ᠤᠯᠠᠭᠠᠨᠬᠠᠳᠠ ᠬᠤᠲᠠ᠂ ᠣᠷᠳᠣᠰ ᠬᠤᠲᠠ ᠳᠤ ᠪᠠᠷᠢᠯᠭ᠎ᠠ ᠶᠢᠨ ᠵᠢᠷᠤᠭ ᠤᠨ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠪᠣᠬᠢᠷᠲᠤᠯ ᠥᠬᠡᠶ ᠪᠠᠷᠢᠯᠭ᠎ᠠ ᠶᠢᠨ ᠲᠠᠯᠠᠪᠠᠶ ᠨᠢ ᠴᠥᠮ 200 ᠲᠦᠮᠡᠨ ᠲᠡᠭᠰᠢ ᠳᠥᠷᠪᠡᠯᠵᠢᠨ ᠮᠧᠲᠷ ᠠᠴᠠ ᠳᠠᠪᠠᠵᠤ᠂ ᠪᠤᠭᠤᠲᠤ ᠬᠤᠲᠠ ᠪᠣᠯᠤᠨ ᠲᠦᠩᠯᠢᠶᠣᠤ ᠬᠤᠲᠠ ᠳᠤ ᠪᠠᠷᠢᠯᠭ᠎ᠠ ᠶᠢᠨ ᠵᠢᠷᠤᠭ ᠤᠨ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠪᠣᠬᠢᠷᠲᠤᠯ ᠥᠬᠡᠶ ᠪᠠᠷᠢᠯᠭ᠎ᠠ ᠶᠢᠨ ᠲᠠᠯᠠᠪᠠᠶ ᠨᠢ ᠴᠥᠮ 150 ᠲᠦᠮᠡᠨ ᠲᠡᠭᠰᠢ ᠳᠥᠷᠪᠡᠯᠵᠢᠨ ᠮᠧᠲᠷ ᠠᠴᠠ ᠳᠠᠪᠠᠵᠤ᠂ 6 ᠠᠶᠢᠮᠠᠭ ᠬᠤᠲᠠ ᠶᠢᠨ ᠪᠠᠷᠢᠯᠭ᠎ᠠ ᠶᠢᠨ ᠵᠢᠷᠤᠭ ᠤᠨ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠪᠣᠬᠢᠷᠲᠤᠯ ᠥᠬᠡᠶ ᠪᠠᠷᠢᠯᠭ᠎ᠠ ᠶᠢᠨ ᠲᠠᠯᠠᠪᠠᠶ ᠨᠢ ᠪᠥᠬᠦ ᠣᠷᠣᠨ ᠤ ᠶᠡᠷᠦᠩᠬᠡᠶ ᠲᠠᠯᠠᠪᠠᠶ ᠶᠢᠨ 78 % ᠠᠴᠠ ᠳᠡᠭᠡᠭᠰᠢᠬᠢ ᠶᠢ ᠡᠵᠡᠯᠡᠪᠡ︔ ᠰᠢᠯᠢ ᠶᠢᠨ ᠭᠤᠤᠯ ᠠᠶᠢᠮᠠᠭ᠂ ᠤᠯᠠᠭᠠᠨᠴᠠᠪ ᠬᠤᠲᠠ᠂ ᠠᠯᠠᠱᠠ ᠠᠶᠢᠮᠠᠭ᠂ ᠦᠬᠠᠶ ᠬᠤᠲᠠ᠂ ᠮᠠᠨᠵᠤᠤᠷ ᠬᠤᠲᠠ ᠪᠣᠯᠤᠨ ᠡᠷᠢᠶᠡᠨ ᠬᠤᠲᠠ ᠶᠢᠨ ᠪᠠᠷᠢᠯᠭ᠎ᠠ ᠶᠢᠨ ᠵᠢᠷᠤᠭ ᠤᠨ ᠬᠢᠨᠠᠨ ᠪᠠᠶᠢᠴᠠᠭᠠᠯᠲᠠ ᠶᠢ ᠥᠩᠭᠡᠷᠡᠭᠡᠭᠰᠡᠨ ᠪᠣᠬᠢᠷᠲᠤᠯ ᠥᠬᠡᠶ ᠪᠠᠷᠢᠯᠭ᠎ᠠ ᠶᠢᠨ ᠲᠠᠯᠠᠪᠠᠶ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ ᠴᠥᠮ ᠡᠳᠦᠶ ᠲᠡᠳᠦᠶ ᠳᠡᠭᠡᠭᠰᠢᠯᠡᠭᠰᠡᠨ ᠪᠠᠶᠢᠨ᠎ᠠ᠃       ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠠᠴᠠ ᠨᠢᠭᠡᠳᠦᠯᠲᠡᠶ ᠲᠥᠯᠥᠪᠯᠡᠨ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠪᠣᠬᠢᠷᠲᠤᠯ ᠥᠬᠡᠶ ᠪᠠᠷᠢᠯᠭ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠬᠦᠯᠦᠨ᠂ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ 2022 ᠣᠨ ᠠᠴᠠ ᠡᠬᠢᠯᠡᠨ᠂ ᠪᠥᠬᠦ ᠣᠷᠣᠨ ᠤ ᠬᠤᠲᠠ ᠪᠠᠯᠭᠠᠰᠤᠨ ᠤ ᠶᠡᠷᠦᠩᠬᠡᠶ ᠲᠥᠯᠥᠪᠵᠢᠭᠦᠯᠭᠡ ᠶᠢᠨ ᠣᠷᠣᠨ ᠤ ᠳᠣᠲᠣᠷ᠎ᠠ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠤ ᠪᠣᠬᠢᠷᠲᠤᠯ ᠥᠬᠡᠶ ᠪᠠᠷᠢᠯᠭ᠎ᠠ ᠶᠢᠨ ᠪᠠᠷᠢᠮᠵᠢᠶ᠎ᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ︽ᠪᠣᠬᠢᠷᠲᠤᠯ ᠥᠭᠡᠢ ᠪᠠᠷᠢᠯᠭ᠎ᠠ ᠶᠢᠨ ᠲᠡᠮᠳᠡᠭ ᠤᠨ ᠬᠠᠮᠢᠶᠠᠷᠤᠯᠲᠠ ᠶᠢᠨ ᠠᠷᠭ᠎ᠠ︾ ᠪᠣᠯᠤᠨ ︽ᠪᠣᠬᠢᠷᠲᠤᠯ ᠥᠭᠡᠢ ᠪᠠᠷᠢᠯᠭ᠎ᠠ ᠶᠢ ᠦᠨᠡᠯᠡᠬᠦ ᠪᠠᠷᠢᠮᠵᠢᠶ᠎ᠠ︾ ᠶᠢᠨ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠳᠤᠨ ᠲᠡᠰ ᠤᠨ ᠪᠣᠬᠢᠷᠲᠤᠯ ᠥᠭᠡᠢ ᠪᠠᠷᠢᠯᠭ᠎ᠠ ᠶᠢᠨ ᠡᠵᠡᠯᠡᠬᠦ ᠬᠠᠷᠢᠴᠠᠯ ᠢ ᠠᠯᠬᠤᠮ ᠠᠯᠬᠤᠮ ᠢᠶᠠᠷ ᠳᠡᠭᠡᠭᠰᠢᠯᠡᠭᠦᠯᠬᠦ  ᠪᠤᠯᠤᠨ᠎ᠠ᠃
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ