ᠬᠡᠰᠡᠭ ᠬᠢᠨᠠᠨ ᠵᠦᠪᠰᠢᠶᠡᠷᠡᠭᠦᠯᠬᠦ ᠵᠦᠢᠯᠡᠰ ᠢ ᠳᠠᠭᠢᠵᠤ ᠲᠤᠰᠢᠶᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2021/11/9
ᠥᠷᠭᠡᠨ ᠤᠯᠠᠨ ᠠᠵᠤ ᠠᠬᠤᠶᠢᠯᠠᠯ ᠪᠠ ᠠᠵᠢᠯ ᠡᠷᠬᠢᠯᠡᠵᠦ ᠪᠠᠶᠢᠭ᠎ᠠ ᠤᠯᠠᠨ ᠲᠦᠮᠡᠨ ᠳᠤ᠄       ᠰᠦᠯᠵᠢᠶ᠎ᠡ ᠶᠢᠨ ᠭᠡᠨᠡᠳᠲᠡ ᠶᠢᠨ ᠭᠡᠮᠲᠦᠯ ᠠᠴᠠ ᠪᠣᠯᠵᠣ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠢᠰᠲ᠋ᠧᠮ ᠤᠨ ᠬᠡᠰᠡᠭ ᠲᠤᠭ᠎ᠠ ᠪᠠᠷᠢᠮᠲᠠ ᠶᠢ ᠭᠡᠭᠡᠭᠳᠡᠭᠦᠯᠵᠦ᠂ 2021 ᠣᠨ ᠤ 11 ᠳ᠋ᠤᠭᠡᠷ ᠰᠠᠷ᠎ᠠ ᠶᠢᠨ 5 ᠤ ᠡᠳᠦᠷ ᠤᠨ ᠲᠤᠭ᠎ᠠ ᠪᠠᠷᠢᠮᠲᠠ ᠶᠢ ᠰᠡᠷᠭᠦᠭᠡᠬᠦ ᠶᠢᠨ ᠠᠷᠭ᠎ᠠ ᠥᠬᠡᠶ ᠪᠣᠯᠵᠣ᠂ 11 ᠳ᠋ᠤᠭᠡᠷ ᠰᠠᠷ᠎ᠠ ᠶᠢᠨ 4 ᠤ ᠡᠳᠦᠷ ᠤᠨ 15᠄ 00 ᠠᠴᠠ ᠰᠡᠭᠦᠯᠡᠷ ᠭᠤᠶᠤᠴᠢᠯᠠᠯ ᠭᠠᠷᠭᠠᠵᠤ ᠥᠩᠭᠡᠷᠡᠭᠰᠡᠨ ᠪᠣᠶ ᠪᠥᠬᠦᠶ ᠠᠵᠤ ᠠᠬᠤᠶᠢᠯᠠᠯ ᠪᠠ ᠣᠯᠠᠨ ᠲᠦᠮᠡᠨ ᠭᠤᠶᠤᠴᠢᠯᠠᠯ ᠢᠶᠠᠨ ᠳᠠᠭᠢᠵᠤ ᠲᠤᠰᠢᠶᠠᠬᠤ ᠴᠢᠬᠤᠯᠠᠲᠠᠶ᠂ ᠠᠵᠤ ᠠᠬᠤᠶᠢᠯᠠᠯ ᠤᠨ ᠮᠡᠳᠡᠭᠡ ᠵᠠᠩᠭᠢ ᠪᠤᠶᠤ ᠠᠵᠢᠯᠲᠠᠨ ᠤ ᠮᠡᠳᠡᠭᠡ ᠵᠠᠩᠭᠢ ᠶᠢ ᠬᠠᠮᠠᠭᠠᠯᠠᠵᠤ ᠥᠩᠭᠡᠷᠡᠭᠰᠡᠨ ᠪᠠᠶᠢᠪᠠᠯ ᠪᠠᠰᠠ ᠳᠠᠭᠢᠵᠤ ᠠᠵᠢᠯᠯᠠᠭᠤᠯᠬᠤ ᠴᠢᠬᠤᠯᠠᠲᠠᠶ ᠪᠣᠯᠵᠠᠶ᠂ ᠡᠭᠦᠨ ᠠᠴᠠ ᠪᠣᠯᠤᠭᠰᠠᠨ ᠶᠠᠷᠰᠢᠭ ᠲᠦᠪᠡᠭ ᠢ ᠠᠭᠤᠴᠢᠯᠠᠬᠤ ᠶᠢ ᠬᠢᠴᠢᠶᠡᠩᠭᠦ᠋ᠢᠯᠡᠨ ᠬᠦᠰᠡᠵᠦ ᠪᠠᠶᠢᠨ᠎ᠠ᠃       ᠮᠠᠨ ᠤ ᠲᠢᠩᠬᠢᠮ ᠤᠨ 2021 ᠣᠨ ᠤ ᠭᠤᠴᠢᠨ ᠨᠠᠢᠮᠠᠳᠤᠭᠠᠷ ᠪᠦᠯᠦᠭ ᠤᠨ ᠠᠵᠤ ᠠᠬᠤᠶᠢᠯᠠᠯ ᠤᠨ ᠬᠢᠷᠢ ᠬᠡᠮ ᠪᠠ ᠠᠵᠢᠯᠲᠠᠨ ᠤ ᠬᠢᠷᠢ ᠬᠡᠮ ᠤᠨ ᠬᠢᠨᠠᠨ ᠪᠠᠶᠢᠴᠠᠭᠠᠯᠲᠠ ᠶᠢᠨ ᠦᠷ᠎ᠡ ᠳ᠋ᠦᠩ ᠢ ᠨᠢᠭᠡᠨᠲᠡ ᠲᠢᠩᠬᠢᠮ ᠤᠨ ᠠᠯᠪᠠᠨ ᠰᠦᠯᠵᠢᠶ᠎ᠡ ᠳᠤ ᠵᠠᠷᠯᠠᠨ ᠨᠡᠶᠢᠲᠡᠯᠡᠪᠡ᠂ ᠳᠡᠭᠡᠷ᠎ᠡ ᠳᠤᠷᠠᠳᠤᠭᠰᠠᠨ ᠰᠢᠯᠲᠠᠭᠠᠨ ᠠᠴᠠ ᠪᠣᠯᠵᠣ᠂ ᠲᠣᠰ ᠪᠦᠯᠦᠭ ᠤᠨ ᠬᠢᠨᠠᠨ ᠪᠠᠶᠢᠴᠠᠭᠠᠭᠰᠠᠨ ᠰᠠᠨᠠᠯ ᠪᠣᠯ ︽ᠪᠠᠲᠤᠯᠠᠭᠳᠠᠭᠰᠠᠨ ᠥᠬᠡᠶ︾ ᠭᠡᠬᠦ ᠲᠣᠭᠠᠴᠢᠯᠲᠠ ᠶᠢ ᠨᠥᠬᠦᠪᠥᠷᠢᠯᠡᠨ ᠵᠠᠯᠠᠷᠠᠭᠤᠯᠬᠤ ᠪᠠᠷ ᠮᠡᠳᠡᠭᠦᠯᠬᠦ ᠡᠴᠦᠰ ᠤᠨ ᠬᠤᠭᠤᠴᠠᠭ᠎ᠠ ᠶᠢ 11ᠳ᠋ᠤᠭᠡᠷ ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨᠠᠬᠢ 17 ᠴᠠᠭ 30 ᠮᠢᠨᠦ᠋ᠲ ᠪᠣᠯᠲᠠᠯ᠎ᠠ ᠤᠷᠲᠤᠳᠬᠠᠪᠠ᠃ ᠡᠭᠦᠨ ᠳᠤ᠂ 11ᠳ᠋ᠤᠭᠡᠷ ᠰᠠᠷ᠎ᠠ ᠶᠢᠨ 11 ᠤ ᠡᠳᠦᠷ ᠤᠨ 17 ᠴᠠᠭ 30 ᠮᠢᠨᠦ᠋ᠲ ᠠᠴᠠ ᠡᠮᠦᠨ᠎ᠡ ᠲᠣᠭᠠᠴᠢᠯᠲᠠ ᠶᠢᠨ ᠮᠠᠲ᠋ᠧᠷᠢᠶᠠᠯ ᠢᠶᠠᠨ ᠲᠤᠰᠢᠶᠠᠭᠰᠠᠨ ᠠᠵᠤ ᠠᠬᠤᠶᠢᠯᠠᠯ ᠪᠤᠶᠤ ᠬᠤᠪᠢ ᠬᠥᠮᠦᠨ ᠤ ᠭᠤᠶᠤᠴᠢᠯᠠᠭᠰᠠᠨ ᠵᠦᠢᠯᠡᠰ ᠢ 11 ᠳ᠋ᠤᠭᠡᠷ ᠰᠠᠷ᠎ᠠ ᠶᠢᠨ 12 ᠤᠨ ᠡᠳᠦᠷ ᠬᠢᠨᠠᠨ ᠪᠠᠶᠢᠴᠠᠭᠠᠭᠰᠠᠨ ᠦᠷ᠎ᠡ ᠳ᠋ᠦᠩ ᠢ ᠨᠡᠶᠢᠲᠡᠯᠡᠨ᠎ᠡ ︔ 11 ᠳ᠋ᠤᠭᠡᠷ ᠰᠠᠷ᠎ᠠ ᠶᠢᠨ 15 ᠤ ᠡᠳᠦᠷ ᠤᠨ 17 ᠴᠠᠭ 30 ᠮᠢᠨᠦ᠋ᠲ ᠠᠴᠠ ᠡᠮᠦᠨ᠎ᠡ ᠲᠣᠭᠠᠴᠢᠯᠲᠠ ᠶᠢᠨ ᠮᠠᠲ᠋ᠧᠷᠢᠶᠠᠯ ᠢᠶᠠᠨ ᠲᠤᠰᠢᠶᠠᠭᠰᠠᠨ ᠠᠵᠤ ᠠᠬᠤᠶᠢᠯᠠᠯ ᠪᠤᠶᠤ ᠬᠤᠪᠢ ᠬᠥᠮᠦᠨ ᠤ ᠭᠤᠶᠤᠴᠢᠯᠠᠭᠰᠠᠨ ᠵᠦᠢᠯᠡᠰ ᠢ 11 ᠳ᠋ᠤᠭᠡᠷ ᠰᠠᠷ᠎ᠠ ᠶᠢᠨ 19 ᠤ ᠡᠳᠦᠷ ᠬᠢᠨᠠᠨ ᠪᠠᠶᠢᠴᠠᠭᠠᠭᠰᠠᠨ ᠦᠷ᠎ᠡ ᠳ᠋ᠦᠩ ᠢ ᠨᠡᠶᠢᠲᠡᠯᠡᠨ᠎ᠡ᠂ ᠥᠷᠭᠡᠨ ᠣᠯᠠᠨ ᠠᠵᠤ ᠠᠬᠤᠶᠢᠯᠠᠯ ᠤᠨ ᠣᠯᠠᠨ ᠲᠦᠮᠡᠨ ᠰᠢᠰᠲ᠋ᠧᠮ ᠤᠨ ᠭᠦᠢᠴᠡᠳᠭᠡᠭᠰᠡᠨ ᠠᠬᠢᠴᠠ ᠵᠢᠴᠢ ᠮᠠᠨ ᠤ ᠲᠢᠩᠬᠢᠮ ᠤᠨ ᠠᠯᠪᠠᠨ ᠰᠦᠯᠵᠢᠶ᠎ᠡ ᠶᠢᠨ ᠠᠯᠪᠠᠨ ᠵᠠᠷ ᠲᠤ ᠴᠠᠭ ᠲᠤᠬᠠᠶ ᠳᠤᠨᠢ ᠠᠩᠬᠠᠷᠤᠯ ᠲᠠᠯᠪᠢᠬᠤ ᠶᠢ ᠬᠦᠰᠡᠵᠦ ᠪᠠᠶᠢᠨ᠎ᠠ᠃       ᠮᠠᠨ ᠤ ᠲᠢᠩᠬᠢᠮ ᠡᠭᠦᠨ ᠠᠴᠠ ᠬᠢᠨᠠᠮᠠᠭᠠᠶ ᠰᠤᠷᠭᠠᠮᠵᠢ ᠠᠪᠴᠤ᠂ ᠮᠡᠳᠡᠭᠡ ᠵᠠᠩᠭᠢᠵᠢᠯᠲᠠ ᠶᠢᠨ ᠰᠡᠷᠭᠡᠶᠢᠯᠡᠨ ᠬᠠᠮᠠᠭᠠᠯᠠᠬᠤ ᠠᠵᠢᠯ ᠢ ᠦᠨᠡᠨ ᠬᠦ ᠴᠢᠩᠭᠠᠳᠬᠠᠵᠤ᠂ ᠡᠶᠢᠮᠦᠷᠬᠦ ᠠᠰᠠᠭᠤᠳᠠᠯ ᠳᠠᠬᠢᠨ ᠭᠠᠷᠬᠤ ᠠᠴᠠ ᠵᠠᠶᠢᠯᠠᠰᠬᠢᠨ᠎ᠡ᠃       ᠮᠡᠷᠭᠡᠵᠢᠯ ᠤᠨ ᠠᠵᠢᠯᠲᠠᠨ ᠤ ᠬᠠᠷᠢᠯᠴᠠᠬᠤ ᠬᠡᠯᠪᠡᠷᠢ᠄ 0471—6945165︔                                                  3384440175 ︵QQ︶       ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤᠨ ᠤ ᠤᠲᠠᠰᠤ᠄ 0471 — 5332425᠂ 5332426       2021 ᠣᠨ ᠤ 11 ᠰᠠᠷ᠎ᠠ ᠶᠢᠨ 8 ᠤ ᠡᠳᠦᠷ
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ