ᠤᠯᠠᠭᠠᠨᠴᠠᠪ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠪᠥᠬᠦ ᠬᠤᠲᠠ ᠶᠢᠨ ︽ᠲᠠᠷᠢᠶᠠᠯᠠᠩ ᠬᠦᠳᠡᠭᠡ ᠲᠤᠰᠬᠤᠨ ᠲᠠᠷᠢᠶᠠᠴᠢᠨ ᠮᠠᠯ ᠠᠵᠤ ᠠᠬᠤᠶ ᠮᠠᠯᠵᠢᠬᠤ ᠣᠷᠣᠨ ᠮᠠᠯᠴᠢᠨ︾ ᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠪᠣᠯᠪᠠᠰᠤᠷᠠᠯ ᠤᠨ ᠠᠩᠭᠢ ᠥᠷᠨᠢᠭᠦᠯᠪᠡ
ᠨᠡᠶᠢᠲᠡᠯᠡᠭᠰᠡᠨ ᠴᠠᠭ᠄
2021/12/1
      ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠦᠬᠦ ᠬᠤᠲᠠ ᠶᠢᠨ ︽  ᠲᠠᠷᠢᠶᠠᠯᠠᠩ ᠬᠦᠳᠡᠭᠡ ᠲᠤᠰᠬᠤᠨ ᠲᠠᠷᠢᠶᠠᠴᠢᠨ ᠮᠠᠯ ᠠᠵᠤ ᠠᠬᠤᠶ ᠮᠠᠯᠵᠢᠬᠤ ᠣᠷᠣᠨ ᠮᠠᠯᠴᠢᠨ︾ ᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠬᠢᠯᠡᠬᠦ ᠲᠤᠬᠠᠶ ᠲᠣᠬᠢᠷᠠᠭᠤᠯᠤᠯᠲᠠ ᠶᠣᠰᠣᠭᠠᠷ᠂ 11 ᠳ᠋ᠤᠭᠡᠷ ᠰᠠᠷ᠎ᠠ ᠶᠢᠨ 25 ᠤ ᠡᠳᠦᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠵᠢᠯ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠤᠯᠠᠭᠠᠨᠴᠠᠪ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠪᠠᠶᠢᠴᠠᠭᠠᠨ ᠰᠤᠳᠤᠯᠤᠭᠴᠢ ᠬᠦᠶ ᠵᠢᠶᠦ᠋ᠨ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠳᠤ ᠭᠦᠨᠵᠡᠭᠡᠶ ᠲᠠᠶᠢᠯᠤᠮᠵᠢ ᠬᠢᠵᠦ᠂ ᠡᠯ᠎ᠡ ᠬᠤᠰᠢᠭᠤ ᠰᠢᠶᠠᠨ ᠬᠤᠲᠠ ᠲᠣᠭᠤᠷᠢᠭ᠂ ᠰᠤᠮᠤ ᠰᠢᠶᠠᠩ ᠪᠠᠯᠭᠠᠰᠤ ᠶᠢᠨ ᠬᠠᠮᠢᠶ᠎ᠠ ᠪᠥᠬᠦᠶ ᠺᠠᠳ᠋ᠷ ᠠᠵᠢᠯᠲᠠᠳ ᠲᠤ ︽ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠬᠦ ᠪᠠ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ︾ ᠲᠤᠬᠠᠶᠢᠯᠠᠭᠰᠠᠨ ᠠᠵᠢᠯ ᠤᠨ ᠮᠡᠳᠡᠯᠭᠡ ᠶᠢ ᠲᠠᠶᠢᠯᠪᠤᠷᠢᠯᠠᠨ ᠥᠭᠴᠡᠶ᠃
wu.jpg
       ᠪᠣᠯᠪᠠᠰᠤᠷᠠᠯ ᠤᠨ ᠬᠢᠴᠢᠶᠡᠯ ᠳᠡᠭᠡᠷ᠎ᠡ᠂ ᠭᠦᠢ ᠵᠢᠶᠦ᠋ᠨ ᠡᠩ ᠲᠡᠷᠢᠭᠦᠨ ᠳᠤ᠂ ᠪᠦᠬᠦ ᠬᠤᠲᠠ ᠶᠢᠨ ᠲᠠᠷᠢᠶᠠᠯᠠᠩ ᠤᠨ ᠠᠶᠤᠯ ᠲᠦᠭᠰᠢᠭᠦᠷᠢ ᠶᠢᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠶᠡᠷᠦᠩᠬᠡᠶ ᠱᠠᠭᠠᠷᠳᠠᠯᠭ᠎ᠠ᠂ ᠦᠨᠳᠦᠰᠦᠨ ᠵᠠᠷᠴᠢᠮ᠂ ᠨᠤᠷᠠᠬᠤ ᠠᠶᠤᠯᠲᠠᠶ ᠭᠡᠷ ᠪᠠᠶᠢᠰᠢᠩ ᠢ ᠬᠢᠨᠠᠨ ᠲᠣᠭᠲᠠᠭᠠᠬᠤ ᠪᠠᠷᠢᠮᠵᠢᠶ᠎ᠠ ᠪᠣᠯᠤᠨ ᠬᠢᠨᠠᠨ ᠲᠣᠭᠲᠠᠭᠠᠬᠤ ᠠᠷᠭ᠎ᠠ ᠬᠡᠯᠪᠡᠷᠢ᠂ ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠬᠤ ᠡᠲᠡᠭᠡᠳ ᠵᠢᠴᠢ ᠨᠤᠲᠠᠯᠠᠨ ᠲᠣᠭᠲᠠᠭᠠᠬᠤ ᠵᠢᠷᠤᠮ᠂ ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠬᠤ ᠠᠷᠭ᠎ᠠ ᠬᠡᠯᠪᠡᠷᠢ᠂ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠬᠦ ᠱᠠᠭᠠᠷᠳᠠᠯᠭ᠎ᠠ ᠵᠡᠷᠭᠡ 6 ᠲᠠᠯ᠎ᠠ ᠠᠴᠠ ᠨᠠᠷᠢᠨ ᠲᠠᠶᠢᠯᠪᠤᠷᠢᠯᠠᠯᠲᠠ ᠬᠢᠪᠡ᠃ ᠡᠭᠦᠨ ᠤ ᠬᠠᠮᠲᠤ ᠬᠥᠳᠡᠯᠦᠩᠭᠦᠶ ᠬᠢᠨᠠᠨ ᠬᠡᠮᠵᠢᠯᠲᠡ ᠶᠢ ᠴᠢᠩᠭᠠᠳᠬᠠᠬᠤ᠂ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠳᠬᠠᠬᠤ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠤᠷᠠᠨ ᠳᠠᠷᠬᠠᠨ ᠤ ᠪᠣᠯᠪᠠᠰᠤᠷᠠᠭᠤᠯᠤᠯ ᠢ ᠴᠢᠬᠤᠯᠠᠴᠢᠯᠠᠬᠤ ᠠᠵᠢᠯ ᠤᠨ ᠱᠠᠭᠠᠷᠳᠠᠯᠭ᠎ᠠ ᠶᠢ ᠳᠤᠷᠠᠳᠤᠨ ᠭᠠᠷᠭᠠᠵᠤ᠂ ᠡᠯ᠎ᠡ ᠭᠠᠵᠠᠷ ᠤᠨ ᠬᠢᠨ ᠢ ᠠᠵᠢᠯ ᠲᠥᠷᠥᠯ ᠤᠨ ᠡᠭᠦᠷᠭᠡ ᠴᠢᠳᠠᠪᠤᠷᠢ ᠪᠠᠨ ᠦᠨᠡᠨ ᠬᠦ ᠭᠦᠢᠴᠡᠳᠭᠡᠵᠦ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠪᠠᠶᠢᠭᠤᠯᠬᠤ ᠠᠵᠢᠯ ᠤᠨ ᠦᠷ᠎ᠡ ᠪᠦᠲᠦᠮᠵᠢ ᠶᠢ ᠦᠷᠭᠦᠯᠵᠢᠯᠡᠨ ᠭᠦᠨᠵᠡᠭᠡᠶᠢᠷᠡᠭᠦᠯᠦᠨ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠲᠠᠢ ᠪᠦᠲᠦᠮᠵᠢᠲᠡᠶ ᠵᠣᠯᠭᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃       ᠬᠦᠶ ᠵᠢᠶᠦ᠋ᠨ ᠪᠠᠰᠠ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠨᠡᠶᠢᠲᠡᠯᠡᠭᠰᠡᠨ ︽ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ ᠪᠠ ᠰᠢᠢᠳᠪᠦᠷᠢᠯᠡᠬᠦ ᠮᠡᠷᠭᠡᠵᠢᠯ ᠤᠨ ᠪᠠᠷᠢᠮᠵᠢᠶ᠎ᠠ︾ ᠶᠢ ᠭᠦᠨᠵᠡᠭᠡᠢ ᠲᠠᠶᠢᠯᠪᠤᠷᠢᠯᠠᠵᠤ᠂ ᠡᠯ᠎ᠡ ᠭᠠᠵᠠᠷ ᠤᠨ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠰᠠᠶᠢᠵᠢᠷᠠᠯᠲᠠ ᠶᠢ ᠠᠬᠢᠭᠤᠯᠬᠤ ᠳᠤ ᠵᠢᠯᠤᠭᠤᠳᠤᠯᠭ᠎ᠠ ᠬᠠᠩᠭᠠᠵᠠᠢ᠃ ᠡᠭᠦᠨ ᠠᠴᠠ ᠭᠠᠳᠠᠨ᠎ᠠ᠂ ᠲᠡᠷᠡ ᠪᠠᠰᠠ ᠤᠯᠠᠭᠠᠨᠴᠠᠪ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ᠤᠯᠠᠭᠠᠨᠴᠠᠪ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠵᠤ ᠬᠠᠮᠢᠶᠠᠷᠤᠨ ᠬᠠᠮᠠᠭᠠᠯᠠᠬᠤ ᠲᠦᠷᠢᠮ︾ ᠳᠤ᠂ ᠪᠣᠳᠠᠲᠠᠶ ᠬᠠᠮᠢᠶᠠᠷᠤᠯᠲᠠ ᠶᠢ ᠬᠡᠷᠡᠭᠵᠢᠭᠦᠯᠬᠦ ᠭᠤᠭᠴᠤᠭ᠎ᠠ ᠳᠤ ᠲᠣᠳᠣᠷᠬᠠᠶᠢᠯᠠᠯᠲᠠ ᠬᠢᠵᠦ᠂ ᠡᠯ᠎ᠡ ᠭᠠᠵᠠᠷ ᠤᠨ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠳᠡᠭᠡᠭᠰᠢᠯᠡᠭᠦᠯᠬᠦ ᠳᠤ ᠪᠣᠳᠠᠲᠠᠶ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠦᠯ ᠥᠭᠭᠦᠭᠰᠡᠨ ᠪᠠᠶᠢᠨ᠎ᠠ᠃       ᠲᠣᠰ ᠤᠳᠠᠭᠠᠨ ᠤ ︽  ᠲᠠᠷᠢᠶᠠᠯᠠᠩ ᠬᠦᠳᠡᠭᠡ ᠲᠤᠰᠬᠤᠨ ᠲᠠᠷᠢᠶᠠᠴᠢᠨ ᠮᠠᠯ ᠠᠵᠤ ᠠᠬᠤᠶ ᠮᠠᠯᠵᠢᠬᠤ ᠣᠷᠣᠨ ᠮᠠᠯᠴᠢᠨ︾ ᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠣᠯᠪᠠᠰᠤᠷᠠᠭᠤᠯᠤᠯ ᠨᠢ ᠦᠨᠳᠦᠰᠦᠨ ᠱᠠᠲᠤᠨ ᠤ ᠳᠡᠭᠡᠳᠦ ᠱᠠᠲᠤᠨ ᠤ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠳᠡᠭᠡᠳᠦ ᠱᠠᠲᠤᠨ ᠤ ᠲᠣᠭᠲᠠᠭᠠᠯ ᠢ ᠬᠡᠷᠡᠭᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠥᠷᠨᠢᠭᠦᠯᠬᠦ ᠳᠤ ᠬᠦᠴᠦᠲᠡᠶ ᠵᠢᠯᠣᠭᠤᠳᠣᠯᠭ᠎ᠠ ᠪᠠ ᠬᠠᠪᠰᠤᠷᠤᠯᠭ᠎ᠠ ᠬᠠᠩᠭᠠᠵᠤ᠂ ᠬᠠᠮᠢᠶ᠎ᠠ ᠪᠥᠬᠦᠶ ᠠᠵᠢᠯᠲᠠᠨ ᠤ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠤᠬᠠᠶ ᠣᠶᠢᠯᠠᠭᠠᠯᠲᠠ ᠶᠢ ᠭᠦᠨᠵᠡᠭᠡᠶᠢᠷᠡᠭᠦᠯᠵᠦ᠂ ︽ᠲᠠᠷᠢᠶᠠᠯᠠᠩ ᠬᠦᠳᠡᠭᠡ ᠲᠤᠰᠬᠤᠨ ᠲᠠᠷᠢᠶᠠᠴᠢᠨ ᠮᠠᠯ ᠠᠵᠤ ᠠᠬᠤᠶ ᠮᠠᠯᠵᠢᠬᠤ ᠣᠷᠣᠨ ᠮᠠᠯᠴᠢᠨ︾ ᠳᠤ ᠦᠢᠯᠡᠴᠢᠯᠡᠬᠦ ᠴᠢᠳᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠪᠡ᠃
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ