ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠪᠥᠬᠦ ᠤᠯᠤᠰ ᠤᠨ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ᠂ ᠪᠠᠷᠢᠯᠭ᠎ᠠ ᠶᠢᠨ ᠡᠨᠧᠷᠭᠢ ᠠᠷᠪᠢᠯᠠᠬᠤ ᠵᠢᠴᠢ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠠᠵᠤ ᠦᠢᠯᠡᠳᠪᠦᠷᠢᠵᠢᠯᠳᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠸᠢᠳᠢᠤ᠋ ᠬᠤᠷᠠᠯ ᠳᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/1
      11 ᠳ᠋ᠤᠭᠡᠷ ᠰᠠᠷ᠎ᠠ ᠶᠢᠨ 29 ᠤ ᠡᠳᠦᠷ ᠠᠴᠠ 30 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠪᠥᠬᠦ ᠤᠯᠤᠰ ᠤᠨ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ᠂ ᠪᠠᠷᠢᠯᠭ᠎ᠠ ᠶᠢᠨ ᠡᠨᠧᠷᠭᠢ ᠠᠷᠪᠢᠯᠠᠬᠤ ᠵᠢᠴᠢ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠠᠵᠤ ᠦᠢᠯᠡᠳᠪᠦᠷᠢᠵᠢᠯᠳᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠸᠢᠳᠢᠤ᠋ ᠬᠤᠷᠠᠯ ᠳᠤ ᠤᠷᠤᠯᠴᠠᠵᠦ᠂ ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠪᠠᠷᠢᠮᠵᠢᠶ᠎ᠠ ᠨᠣᠷᠮ᠎ᠠ ᠶᠢᠨ ᠵᠤᠷᠭᠠᠨ ᠤ ᠳᠡᠳ᠋ ᠳᠠᠷᠤᠭ᠎ᠠ ᠪᠠᠶ ᠵᠧᠩ ᠱᠧᠩ ᠬᠤᠷᠠᠯ ᠢ ᠡᠷᠭᠢᠯᠡᠵᠦ᠂ ᠵᠤᠷᠭᠠᠨ ᠤ ᠳᠠᠷᠤᠭ᠎ᠠ ᠲᠢᠶᠠᠨ ᠭᠦᠸᠧ ᠮᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃
ww.jpg
      ᠬᠤᠷᠠᠯ ᠠᠴᠠ ᠪᠦᠬᠦ ᠤᠯᠤᠰ ᠤᠨ ᠡᠯ᠎ᠡ ᠮᠤᠵᠢ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠬᠤᠲᠠ᠂ 5 ᠲᠤᠰᠠᠭᠠᠷ ᠲᠥᠯᠥᠪᠯᠡᠭᠡᠲᠦ ᠬᠤᠳᠠ᠂ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ 2021 ᠣᠨ ᠤ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠂ ᠪᠣᠬᠢᠷᠲᠤᠯ ᠦᠭᠡᠢ ᠪᠠᠷᠢᠯᠭ᠎ᠠ᠂ ᠪᠠᠷᠢᠯᠭ᠎ᠠ ᠶᠢᠨ ᠡᠨᠧᠷᠭᠢ ᠠᠷᠪᠢᠯᠠᠬᠤ᠂ ᠤᠭᠰᠠᠷᠠᠮᠠᠯ ᠮᠠᠶ᠋ᠢᠭ ᠤᠨ ᠪᠠᠷᠢᠯᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠠᠬᠢᠭᠤᠯᠤᠭᠰᠠᠨ ᠪᠠᠶᠢᠳᠠᠯ ᠵᠢᠴᠢ 2022 ᠣᠨ ᠤ ᠠᠵᠢᠯ ᠤᠨ ᠲᠤᠬᠢᠷᠠᠭᠤᠯᠤᠯᠳᠠ ᠶᠢᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠪᠠᠷᠢᠮᠵᠢᠶ᠎ᠠ ᠨᠣᠷᠮ᠎ᠠ ᠶᠢᠨ ᠵᠤᠷᠭᠠᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠭᠠᠵᠠᠷ᠂ ᠤᠭᠰᠠᠷᠠᠬᠤ ᠭᠠᠵᠠᠷ᠂ ᠰᠢᠨᠵᠢᠯᠡᠬᠦ ᠤᠬᠠᠭᠠᠨ ᠮᠡᠷᠭᠡᠵᠢᠯ ᠤᠨ ᠭᠠᠵᠠᠷ ᠲᠣᠰ ᠲᠣᠰ ᠪᠥᠬᠦ ᠤᠯᠤᠰ ᠤᠨ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠂ ᠪᠣᠬᠢᠷᠲᠤᠯ ᠥᠬᠡᠶ ᠪᠠᠷᠢᠯᠭ᠎ᠠ᠂ ᠪᠠᠷᠢᠯᠭ᠎ᠠ ᠶᠢᠨ ᠡᠨᠧᠷᠭᠢ ᠠᠷᠪᠢᠯᠠᠬᠤ᠂ ᠤᠭᠰᠠᠷᠠᠮᠠᠯ ᠮᠠᠶ᠋ᠢᠭ ᠤᠨ ᠪᠠᠷᠢᠯᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠠᠬᠢᠴᠠ ᠵᠢᠴᠢ 2022 ᠣᠨ ᠤ ᠠᠵᠢᠯ ᠤᠨ ᠲᠥᠯᠥᠪᠯᠡᠭᠡ ᠶᠢ ᠨᠠᠷᠢᠨ ᠲᠠᠨᠢᠯᠴᠠᠭᠤᠯᠪᠠ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠪᠠᠷᠢᠮᠵᠢᠶ᠎ᠠ ᠨᠣᠷᠮ᠎ᠠ ᠬᠢᠭᠡᠳ ᠡᠨᠧᠷᠭᠢ ᠠᠷᠪᠢᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠭᠠᠵᠠᠷ ᠵᠢᠴᠢ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠰᠤᠳᠤᠯᠭᠠᠨ ᠤ ᠬᠥᠭᠵᠢᠯᠲᠡ ᠶᠢᠨ ᠲᠥᠪ ᠬᠠᠷᠢᠭᠤ ᠮᠡᠳᠡᠭᠦᠯᠦᠯᠲᠡ ᠶᠢᠨ ᠶᠠᠷᠢᠶ᠎ᠠ ᠲᠠᠯᠪᠢᠪᠠ᠃
ww1.jpg
       ᠬᠤᠷᠠᠯ ᠠᠴᠠ ᠱᠠᠭᠠᠷᠳᠠᠭᠰᠠᠨ ᠨᠢ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠣᠷᠭᠢᠯ ᠳᠤ ᠬᠦᠷᠴᠦ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠰᠠᠭᠠᠷᠮᠠᠭᠵᠢᠭᠤᠯᠬᠤ ᠠᠵᠢᠯᠯᠠᠭᠠᠨ ᠤ ᠲᠥᠰᠦᠯ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠬᠤ ᠲᠤᠬᠠᠶ ᠰᠠᠨᠠᠯ᠂ ᠪᠣᠬᠢᠷᠲᠤᠯ ᠥᠬᠡᠶ ᠪᠠᠷᠢᠯᠭ᠎ᠠ ᠶᠢᠨ ᠢᠯᠭᠠᠬᠤ ᠲᠡᠮᠳᠡᠭ ᠤᠨ ᠬᠠᠮᠢᠶᠠᠷᠤᠯᠲᠠ ᠶᠢᠨ ᠠᠷᠭ᠎ᠠ ᠵᠡᠷᠭᠡ ᠬᠠᠮᠢᠶ᠎ᠠ ᠪᠥᠬᠦᠶ ᠰᠠᠨᠠᠯ᠂ ᠵᠢᠷᠤᠮᠵᠢᠯ᠂ ᠠᠷᠭ᠎ᠠ ᠶᠢᠨ ᠤᠬᠠᠭᠤᠯᠭ᠎ᠠ᠂ ᠪᠣᠯᠪᠠᠰᠤᠷᠠᠭᠤᠯᠤᠯ ᠤᠨ ᠠᠵᠢᠯ ᠢ ᠴᠢᠩᠭᠠᠳᠬᠠᠵᠤ᠂ ᠪᠣᠬᠢᠷᠲᠤᠯ ᠥᠬᠡᠶ ᠪᠠᠷᠢᠯᠭ᠎ᠠ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢ ᠶᠡᠬᠡᠪᠡᠷ ᠠᠬᠢᠭᠤᠯᠤᠨ᠂ ᠪᠣᠬᠢᠷᠲᠤᠯ ᠥᠬᠡᠶ ᠪᠠᠷᠢᠯᠭ᠎ᠠ ᠶᠢᠨ ᠬᠥᠭᠵᠢᠯᠲᠡ ᠶᠢ ᠴᠢᠩᠭᠠᠳᠬᠠᠵᠤ᠂ ᠪᠣᠬᠢᠷᠲᠤᠯ ᠥᠬᠡᠶ ᠪᠠᠷᠢᠯᠭ᠎ᠠ ᠶᠢᠨ ᠮᠠᠲ᠋ᠧᠷᠢᠶᠠᠯ ᠤᠨ ᠲᠥᠷᠥᠯ ᠵᠦᠢᠯ ᠢ ᠥᠷᠭᠡᠳᠬᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠬᠦ ᠶᠢ ᠠᠬᠢᠭᠤᠯᠤᠨ᠎ᠠ ᠭᠡᠪᠡ᠃       ᠳᠠᠷᠠᠭ᠎ᠠ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠠᠴᠠ ᠥᠪᠥᠷ ᠮᠣᠩᠭᠤᠯ ᠤᠨ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠪᠣᠬᠢᠷᠲᠤᠯ ᠥᠬᠡᠶ ᠬᠥᠭᠵᠢᠯᠲᠡ ᠶᠢᠨ ᠬᠡᠷᠡᠭᠵᠢᠭᠦᠯᠬᠦ ᠲᠥᠰᠦᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠡᠷᠡᠭᠵᠢᠭᠦᠯᠬᠦ ᠲᠥᠰᠦᠯ ᠵᠢᠴᠢ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠬᠤᠯᠪᠣᠭᠳᠠᠯ ᠪᠥᠬᠦᠶ ᠭᠠᠵᠠᠷ ᠬᠡᠷ ᠨᠢᠭᠡᠴᠡ ᠲᠠᠢ ᠬᠠᠮᠲᠤᠷᠠᠨ ᠬᠦᠴᠦ ᠪᠠᠨ ᠬᠠᠮᠲᠤᠳᠬᠠᠨ ᠠᠵᠢᠯ ᠢᠶᠠᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠂ ᠪᠣᠬᠢᠷᠲᠤᠯ ᠥᠬᠡᠶ ᠪᠠᠷᠢᠯᠭ᠎ᠠ᠂ ᠪᠠᠷᠢᠯᠭ᠎ᠠ ᠶᠢᠨ ᠡᠨᠧᠷᠭᠢ ᠠᠷᠪᠢᠯᠠᠬᠤ᠂ ᠤᠭᠰᠠᠷᠠᠮᠠᠯ ᠮᠠᠶ᠋ᠢᠭ ᠤᠨ ᠪᠠᠷᠢᠯᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠯ᠎ᠡ ᠵᠦᠢᠯ ᠤᠨ ᠠᠵᠢᠯ ᠳᠤ ᠰᠢᠨ᠎ᠡ ᠦᠷ᠎ᠡ ᠪᠦᠲᠦᠮᠵᠢ ᠣᠯᠭᠤᠨ᠎ᠠ᠃       ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠪᠠᠷᠢᠮᠵᠢᠶ᠎ᠠ ᠨᠣᠷᠮ᠎ᠠ ᠪᠠ ᠡᠨᠧᠷᠭᠢ ᠠᠷᠪᠢᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠭᠠᠵᠠᠷ᠂ ᠲᠦᠯᠦᠪᠯᠡᠯᠭᠡᠳᠦ ᠡᠳ᠋ ᠤᠨ ᠶᠠᠪᠤᠳᠠᠯ ᠤᠨ ᠭᠠᠵᠠᠷ᠂ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠭᠠᠵᠠᠷ᠂ ᠬᠤᠲᠠ ᠶᠢᠨ ᠬᠠᠮᠢᠶᠠᠷᠤᠯᠲᠠ ᠶᠢᠨ ᠭᠠᠵᠠᠷ᠂ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ᠂ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠵᠠᠷ᠂ ᠵᠢᠵᠢᠭ ᠲᠣᠭᠤᠷᠢᠭ ᠬᠢᠭᠡᠳ ᠠᠳᠠᠯ ᠠᠬᠤᠶ ᠶᠢᠨ ᠬᠠᠮᠢᠶᠠᠷᠤᠯᠲᠠ ᠶᠢᠨ ᠭᠠᠵᠠᠷ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ᠂ ᠲᠣᠰᠬᠤᠨ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢᠨ ᠭᠠᠵᠠᠷ ᠵᠡᠷᠭᠡ ᠭᠠᠵᠠᠷ ᠬᠡᠷ ᠵᠢᠴᠢ ᠥᠪᠡᠷᠲᠡᠭᠡᠨ ᠵᠠᠰᠠᠬᠤ ᠣᠷᠣᠨ ᠤ ᠣᠷᠣᠯᠠᠨ ᠪᠠᠶᠢᠭᠤᠯᠬᠤ ᠲᠥᠪ᠂ ᠪᠣᠬᠢᠷᠲᠤᠯ ᠥᠬᠡᠶ ᠰᠤᠳᠤᠯᠭᠠᠨ ᠤ ᠬᠥᠭᠵᠢᠯᠲᠡ ᠶᠢᠨ ᠲᠥᠪ᠂ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠰᠢᠯᠭᠠᠬᠤ ᠪᠠ ᠡᠨᠧᠷᠭᠢ ᠶᠢᠨ ᠠᠰᠢᠭᠯᠠᠮᠵᠢ ᠶᠢ ᠰᠢᠯᠭᠠᠨ ᠲᠣᠭᠲᠠᠭᠠᠬᠤ ᠲᠥᠪ ᠤᠨ ᠬᠠᠮᠢᠶ᠎ᠠ ᠪᠥᠬᠦᠶ ᠠᠵᠢᠯᠲᠠᠨ ᠬᠤᠷᠠᠯ ᠳᠤ  ᠤᠷᠤᠯᠴᠠᠪᠠ᠃
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ