ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠣᠷᠢᠯᠲᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2021/12/17
      ᠡᠪᠦᠯ ᠤᠨ ᠤᠯᠠᠷᠢᠯ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠨ  ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ 12 ᠳ᠋ᠤᠭᠠᠷ ᠰᠠᠷ᠎ᠠ ᠶᠢᠨ 15 ᠤ ᠡᠳᠦᠷ᠂ ᠲᠢᠩᠬᠢᠮ ᠤᠨ ᠰᠢᠰᠲ᠋ᠧᠮ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠯᠪᠠᠨ ᠬᠡᠷ  ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠪᠠ ᠿᠢ ᠰᠢᠨ ᠬᠠᠶ ᠴᠢᠩ ᠠᠳᠠᠯ ᠠᠬᠤᠶ ᠶᠢᠨ ᠺᠣᠮᠫᠠᠨᠢ ᠶᠢᠨ ᠬᠠᠮᠢᠶ᠎ᠠ ᠪᠥᠬᠦᠶ ᠬᠥᠮᠦᠰ ᠢ ᠵᠣᠬᠢᠶᠠᠨ ᠪᠠᠶᠢᠭᠤᠯᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠣᠷᠢᠯᠲᠠ ᠶᠢᠨ ᠠᠵᠢᠯᠯᠠᠭ᠎ᠠ ᠥᠷᠨᠢᠭᠦᠯᠪᠡ᠃
zz.jpg
       ᠰᠣᠷᠢᠯᠲᠠ ᠳᠤ ᠭᠤᠷᠪᠠᠨ ᠵᠦᠢᠯ ᠤᠨ ᠠᠳᠠᠯᠢ ᠪᠤᠰᠤ ᠦᠵᠡᠭᠳᠡᠯ ᠭᠠᠷᠭᠠᠵᠠᠶ᠂ ᠲᠣᠰ ᠲᠣᠰ ᠲᠣᠮᠣ ᠠᠰᠠᠷ ᠤᠨ ᠣᠷᠣᠬᠤ ᠡᠭᠦᠳᠡᠨ ᠳᠤ ᠬᠠᠯᠠᠭᠤᠷᠠᠵᠤ ᠪᠠᠶᠢᠭ᠎ᠠ ᠠᠵᠢᠯᠲᠠᠨ ᠠᠵᠢᠯᠴᠢᠨ ᠪᠤᠶᠤ ᠰᠤᠷᠪᠤᠯᠵᠢᠯᠠᠬᠤ ᠪᠠᠷ ᠢᠷᠡᠭᠰᠡᠳ ᠢ ᠢᠯᠡᠷᠡᠭᠦᠯᠦᠭᠰᠡᠨ᠂ ᠲᠣᠮᠣ ᠠᠰᠠᠷ ᠤᠨ ᠳᠣᠲᠣᠷᠠᠬᠢ ᠠᠵᠢᠯᠲᠠᠨ ᠠᠵᠢᠯ ᠤᠨ ᠴᠠᠭ ᠲᠤ ᠬᠠᠯᠠᠭᠤᠷᠠᠭᠰᠠᠨ ᠵᠡᠷᠭᠡ ᠡᠪᠡᠳᠴᠢᠨ ᠤ ᠪᠠᠶᠢᠳᠠᠯ ᠢᠯᠡᠷᠡᠭᠰᠡᠨ ᠵᠢᠴᠢ ᠣᠨᠣᠰᠢᠯᠠᠭᠰᠠᠨ ᠡᠪᠡᠳᠴᠢᠨ ᠤ ᠵᠢᠱᠢᠶ᠎ᠡ ᠲᠠᠢ ᠨᠢᠭᠲᠠ ᠣᠶᠢᠷᠠᠲᠤᠭᠰᠠᠳ ᠤᠨ ᠲᠤᠬᠠᠶ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠬᠠᠮᠵᠢᠨ ᠪᠠᠶᠢᠴᠠᠭᠠᠭᠰᠠᠨ ᠮᠡᠳᠡᠭᠳᠡᠯ ᠢ ᠣᠯᠤᠭᠰᠠᠨ ᠵᠡᠷᠭᠡ ᠪᠣᠯᠤᠨ᠎ᠠ᠃ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠰᠣᠷᠢᠯᠲᠠ ᠶᠢᠨ ᠲᠤᠬᠠᠶ ᠶᠢᠨ ᠲᠠᠯᠠᠪᠤᠷ ᠲᠤ ᠪᠡᠶ᠎ᠡ ᠶᠢᠨ ᠳᠤᠯᠠᠭᠠᠨ ᠢ ᠪᠠᠶᠢᠴᠠᠭᠠᠨ ᠳᠣᠲᠣᠯᠠᠵᠤ᠂ ᠬᠤᠪᠢ ᠬᠥᠮᠦᠨ ᠢ ᠰᠡᠷᠭᠡᠶᠢᠯᠡᠨ ᠬᠠᠮᠠᠭᠠᠯᠠᠬᠤ᠂ ᠠᠵᠢᠯᠲᠠᠨ ᠢ ᠬᠥᠲᠥᠯᠦᠨ ᠵᠢᠯᠣᠭᠤᠳᠬᠤ᠂ ᠠᠵᠢᠯᠲᠠᠨ ᠢ ᠦᠯᠡᠳᠡᠭᠡᠨ ᠠᠵᠢᠭᠯᠠᠵᠤ ᠲᠤᠰᠠᠭᠠᠷᠯᠠᠬᠤ᠂ ᠮᠡᠳᠡᠭᠡ ᠵᠠᠩᠭᠢ ᠶᠢ ᠲᠠᠰ ᠬᠤᠪᠢᠶᠠᠨ ᠮᠡᠳᠡᠭᠦᠯᠦᠨ ᠬᠦᠷᠭᠡᠬᠦ᠂ ᠲᠠᠯᠠᠪᠤᠷ ᠭᠠᠵᠠᠷ ᠢ ᠠᠷᠢᠭᠤᠳᠬᠠᠵᠦ ᠰᠢᠢᠳᠪᠦᠷᠢᠯᠡᠬᠦ ᠵᠡᠷᠭᠡ ᠶᠢ ᠰᠠᠶᠢᠲᠤᠷ ᠬᠢᠭᠰᠡᠨ ᠪᠠᠶᠢᠨ᠎ᠠ᠃
      ᠰᠣᠷᠢᠯᠲᠠ ᠶᠢᠨ ᠦᠷ᠎ᠡ ᠪᠦᠲᠦᠭᠡᠯ ᠢ ᠳ᠋ᠦᠩᠨᠡᠬᠦ ᠶᠢᠨ ᠬᠠᠮᠲᠤ᠂ ᠲᠢᠩᠬᠢᠮ ᠤᠨ ᠰᠢᠰᠲ᠋ᠧᠮ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠯᠪᠠᠨ ᠬᠡᠷ ᠠᠴᠠ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠪᠠ ᠠᠳᠠᠯ ᠠᠬᠤᠶ ᠶᠢᠨ ᠺᠣᠮᠫᠠᠨᠢ ᠶᠢ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠤᠰᠠᠭᠠᠷᠯᠠᠬᠤ ᠪᠠ ᠬᠠᠮᠢᠶᠠᠷᠤᠨ ᠡᠵᠡᠮᠳᠡᠬᠦ ᠠᠵᠢᠯ ᠤᠨ ᠶᠠᠪᠤᠴᠠ ᠶᠢ ᠵᠢᠷᠤᠮᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠬᠢᠵᠢᠭ ᠤᠨ ᠪᠠᠶᠢᠳᠠᠯ ᠤᠨ ᠭᠡᠨᠡᠳᠲᠡ ᠶᠢᠨ ᠪᠠᠶᠢᠳᠠᠯ ᠢ ᠠᠷᠭᠠᠴᠠᠬᠤ ᠳᠤ ᠭᠦᠢᠴᠡᠳ ᠪᠡᠯᠡᠳᠬᠡᠯ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠬᠤ ᠬᠡᠷᠡᠭᠲᠡᠶ ᠭᠡᠵᠦ ᠱᠠᠭᠠᠷᠳᠠᠪᠠ᠃
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ