ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠪᠠ ᠠᠵᠤ ᠦᠢᠯᠡᠰ ᠤᠨ ᠰᠠᠭᠤᠷᠢᠨ ᠭᠠᠵᠠᠷ ᠤᠨ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/23
      12 ᠳ᠋ᠤᠭᠠᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠵᠠᠩ ᠾᠧ ᠨᠥᠬᠦᠷ ᠤᠨ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠮᠠᠨ ᠤ ᠲᠢᠩᠬᠢᠮ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠪᠠ ᠠᠵᠤ ᠦᠢᠯᠡᠰ ᠤᠨ ᠰᠠᠭᠤᠷᠢᠨ ᠭᠠᠵᠠᠷ ᠤᠨ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠬᠢᠨᠠᠨ ᠲᠣᠭᠲᠠᠭᠠᠬᠤ ᠬᠤᠷᠠᠯ ᠢ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠪᠣᠬᠢᠷᠲᠤᠯ ᠥᠬᠡᠶ ᠰᠤᠳᠤᠯᠭᠠᠨ ᠤ ᠬᠥᠭᠵᠢᠯᠲᠡ ᠶᠢᠨ ᠲᠥᠪ ᠠᠴᠠ ᠪᠣᠳᠠᠲᠠᠶ ᠪᠠᠷ ᠳᠠᠭᠠᠭᠠᠨ ᠡᠷᠭᠢᠯᠡᠵᠦ᠂ ᠲᠥᠪ ᠤᠨ ᠡᠷᠬᠢᠯᠡᠭᠴᠢ ᠵᠠᠩ ᠱᠣᠤ ᠹᠧᠩ ᠬᠤᠷᠠᠯ ᠢ ᠡᠷᠭᠢᠯᠡᠪᠡ᠃
ss.jpg
      ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠪᠠ ᠠᠵᠢᠯ ᠲᠥᠷᠥᠯ ᠤᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠪᠣᠯᠤᠨ ᠠᠵᠤ ᠦᠢᠯᠡᠰ ᠤᠨ ᠰᠠᠭᠤᠷᠢᠨ ᠭᠠᠵᠠᠷ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠬᠠᠩᠭᠠᠵᠤ ᠳᠡᠶᠢᠯᠬᠦ ᠶᠢ ᠦᠨᠡᠨᠬᠦ ᠪᠠᠲᠤᠯᠠᠵᠤ᠂ ᠣᠨᠴᠠ ᠤᠷᠢᠭᠰᠠᠨ ᠠᠵᠢᠯ ᠲᠥᠷᠥᠯ ᠤᠨ ᠳᠣᠲᠣᠷᠠᠬᠢ 5 ᠲᠤᠰᠬᠠᠶ ᠮᠡᠷᠭᠡᠵᠢᠯᠲᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠵᠢᠱᠢᠶ᠎ᠡ ᠦᠵᠡᠭᠦᠯᠬᠦ ᠬᠤᠲᠠ ᠪᠠ ᠵᠢᠱᠢᠶ᠎ᠡ ᠦᠵᠡᠭᠦᠯᠬᠦ ᠠᠵᠤ ᠦᠢᠯᠡᠰ ᠤᠨ ᠰᠠᠭᠤᠷᠢᠨ ᠭᠠᠵᠠᠷ ᠤᠨ ᠬᠠᠮᠢᠶᠠᠷᠤᠯᠲᠠ ᠶᠢᠨ ᠠᠷᠭ᠎ᠠ︾ ᠶᠢᠨ ᠱᠠᠭᠠᠷᠳᠠᠯᠭ᠎ᠠ ᠶᠣᠰᠣᠭᠠᠷ ᠮᠡᠳᠡᠭᠦᠯᠦᠭᠰᠡᠨ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠪᠠ ᠠᠵᠤ ᠦᠢᠯᠡᠰ ᠤᠨ ᠰᠠᠭᠤᠷᠢᠨ ᠭᠠᠵᠠᠷ ᠲᠤ ᠨᠢᠭᠡᠳ ᠨᠢᠭᠡ ᠪᠠᠷ ᠦᠨᠡᠯᠡᠨ ᠬᠢᠨᠠᠨ ᠲᠣᠭᠲᠠᠭᠠᠯᠲᠠ ᠬᠢᠵᠦ᠂ ᠮᠠᠲ᠋ᠧᠷᠢᠶᠠᠯ ᠢ ᠬᠢᠨᠠᠨ ᠦᠵᠡᠬᠦ᠂ ᠠᠵᠤ ᠠᠬᠤᠶᠢᠯᠠᠯ ᠤᠨ ᠲᠤᠬᠠᠶ ᠶᠢᠨ ᠲᠠᠯᠠᠪᠤᠷ ᠲᠤ ᠬᠠᠷᠢᠭᠤ ᠮᠠᠷᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠮᠦᠨᠡᠬᠢ ᠬᠤᠭᠤᠴᠠᠭᠠᠨ ᠤ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ ᠪᠠᠶᠢᠴᠠᠭᠠᠨ ᠦᠵᠡᠬᠦ ᠲᠠᠢ ᠤᠶᠠᠯᠳᠤᠭᠤᠯᠤᠨ᠂ ᠭᠦᠢᠴᠡᠳ ᠰᠤᠳᠤᠯᠤᠨ ᠶᠠᠷᠢᠯᠴᠠᠬᠤ ᠪᠠᠷ ᠳᠡᠮᠵᠢᠨ᠂ ᠡᠴᠦᠰ ᠤᠨ ᠬᠢᠨᠠᠨ ᠲᠣᠭᠲᠠᠭᠠᠭᠰᠠᠨ ᠦᠷ᠎ᠡ ᠳ᠋ᠦᠩ ᠢ ᠲᠤᠭᠳᠠᠭᠠᠨ᠎ᠠ᠃
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ