ᠲᠦᠩᠯᠢᠶᠣᠤ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ 2021 — 2022 ᠣᠨ ᠤ ᠳᠤᠯᠠᠭᠠᠯᠭ᠎ᠠ ᠶᠢᠨ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2021/12/23
      ᠡᠪᠦᠯ ᠤᠨ ᠤᠯᠠᠷᠢᠯ ᠤᠨ ᠢᠯᠴᠢ ᠬᠠᠩᠭᠠᠬᠤ ᠨᠢ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ᠂ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠬᠤ ᠪᠠᠷ ᠪᠠᠷᠠᠬᠤ ᠥᠬᠡᠶ᠂ ᠨᠠᠩ ᠴᠤ ᠠᠷᠠᠳ ᠤᠨ ᠰᠡᠳᠬᠢᠯ ᠤᠨ ᠢᠨᠵᠧᠨᠧᠷᠢᠩ ᠮᠥᠨ᠂ ᠠᠷᠠᠳ ᠣᠯᠠᠨ ᠤ ᠬᠦᠢᠳᠡᠨ ᠳᠤᠯᠠᠭᠠᠨ ᠪᠠ ᠨᠡᠶᠢᠭᠡᠮ ᠤᠨ ᠲᠣᠭᠲᠠᠭᠤᠨ ᠪᠠᠶᠢᠳᠠᠯ ᠳᠤ ᠬᠤᠯᠪᠣᠭᠳᠠᠬᠤ ᠴᠢᠬᠤᠯᠠ ᠠᠵᠢᠯ ᠮᠥᠨ᠃ ᠲᠦᠩᠯᠢᠶᠣᠤ ᠬᠤᠳᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠣᠪᠴᠢᠶ᠎ᠠ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠥᠷᠭᠡᠨ ᠤᠯᠠᠨ ᠬᠤᠳᠠ ᠶᠢᠨ ᠠᠷᠠᠳ ᠤᠨ ᠳᠤᠯᠠᠭᠠᠨ ᠪᠦᠯᠢᠶᠡᠨ ᠡᠪᠦᠯᠵᠢᠬᠦ ᠶᠢ ᠪᠦᠬᠦ ᠬᠦᠴᠦᠨ ᠢᠶᠠᠷ ᠢᠶᠠᠨ ᠪᠠᠲᠤᠯᠠᠪᠠ᠃
tt.jpg
      ᠨᠢᠭᠡ ᠳᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠦᠳᠲᠡᠷ ᠲᠦᠷᠭᠡᠨ ᠪᠠᠶᠢᠷᠢᠯᠠᠭᠤᠯᠵᠤ᠂ ᠵᠣᠬᠢᠴᠠᠭᠤᠯᠤᠨ ᠪᠠᠲᠤᠯᠠᠬᠤ ᠠᠵᠢᠯ ᠢ ᠦᠨᠡᠨᠬᠦ ᠰᠠᠶᠢᠲᠤᠷ ᠬᠢᠪᠡ ᠃ 2020 ᠣᠨ ᠠᠴᠠ 2021 ᠣᠨ ᠪᠣᠯᠲᠠᠯᠠᠬᠢ ᠳᠤᠯᠠᠭᠠᠯᠭ᠎ᠠ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠲᠦᠩᠯᠢᠶᠣᠤ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠪᠦᠬᠦ ᠬᠤᠲᠠ ᠶᠢᠨ ᠢᠯᠴᠢ ᠬᠠᠩᠭᠠᠬᠤ ᠠᠵᠤ ᠠᠬᠤᠶᠢᠯᠠᠯ ᠢ ᠢᠯᠴᠢ ᠬᠠᠩᠭᠠᠬᠤ ᠬᠤᠭᠤᠴᠠᠭᠠᠨ ᠳᠠᠬᠢ ᠪᠦᠬᠦ ᠢᠯᠴᠢ ᠶᠢᠨ ᠢᠷᠡᠯᠲᠡ ᠶᠢᠨ ᠭᠦᠸᠧᠯᠦ᠂ ᠢᠯᠴᠢ ᠰᠣᠯᠢᠯᠴᠠᠬᠤ ᠥᠷᠲᠡᠭᠡ ᠵᠢᠴᠢ ᠢᠯᠴᠢ ᠶᠢᠨ ᠲᠣᠣᠷ ᠤᠨ ᠠᠵᠢᠯᠯᠠᠭᠠᠨ ᠤ ᠪᠠᠶᠢᠳᠠᠯ ᠢ ᠦᠨᠳᠦᠰᠦᠯᠡᠨ ᠪᠦᠷᠢᠳᠬᠡᠵᠦ ᠵᠢᠭᠰᠠᠭᠠᠨ ᠪᠠᠶᠢᠴᠠᠭᠠᠬᠤ ᠬᠡᠷᠡᠭᠲᠡᠶ ᠭᠡᠵᠦ ᠱᠠᠭᠠᠷᠳᠠᠪᠠ᠃ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ ᠂ ᠬᠤᠲᠠ ᠰᠢᠶᠠᠨ ᠬᠤᠶᠠᠷ ᠱᠠᠲᠤᠨ ᠤ ᠵᠠᠰᠠᠭ ᠤᠨ ᠣᠷᠳᠣᠨ ᠨᠠᠷᠢᠨ ᠨᠢᠮᠪᠠᠶ ᠰᠤᠳᠤᠯᠵᠤ᠂ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠵᠠᠰᠠᠬᠤ ᠠᠵᠢᠯ ᠲᠠᠢ ᠤᠶᠠᠯᠳᠤᠭᠤᠯᠤᠨ ᠵᠢᠵᠢᠭ ᠲᠣᠭᠤᠷᠢᠭ ᠤᠨ ᠳᠣᠲᠣᠷᠠᠬᠢ ᠬᠤᠭᠤᠯᠠᠶ ᠲᠣᠤᠷ ᠤᠨ ᠭᠤᠭᠤᠵᠢᠵᠤ ᠪᠠᠶᠢᠭ᠎ᠠ ᠪᠠᠶᠢᠳᠠᠯ ᠢ ᠵᠡᠷᠭᠡ ᠪᠠᠷ ᠥᠭᠡᠷᠡᠴᠢᠯᠡᠨ ᠵᠠᠰᠠᠵᠤ᠂ ᠥᠭᠡᠷᠡᠴᠢᠯᠡᠨ ᠵᠠᠰᠠᠬᠤ ᠪᠠᠯᠠ ᠮᠥᠩᠭᠦ ᠶᠢ ᠶᠡᠭᠡ ᠪᠠᠷ ᠠᠷᠪᠢᠯᠠᠵᠤ᠂ ᠲᠣᠰ ᠵᠢᠯ ᠤᠨ ᠳᠤᠯᠠᠭᠠᠯᠠᠭ᠎ᠠ ᠶᠢᠨ ᠬᠤᠭᠤᠴᠠᠭᠠᠨ ᠳᠠᠬᠢ ᠳᠤᠯᠠᠭᠠᠯᠠᠭ᠎ᠠ ᠶᠢᠨ ᠪᠠᠲᠤᠯᠠᠭ᠎ᠠ ᠶᠢᠨ ᠠᠵᠢᠯ ᠳᠤ ᠰᠠᠶᠢᠨ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃       ᠬᠤᠶᠠᠷ ᠲᠤ᠂ ᠪᠥᠬᠦ ᠬᠤᠲᠠ ᠶᠢᠨ ᠢᠯᠴᠢ ᠬᠠᠩᠭᠠᠬᠤ ᠲᠥᠬᠦᠭᠡᠷᠦᠮᠵᠢ ᠶᠢ ᠪᠠᠶᠢᠴᠠᠭᠠᠨ ᠵᠠᠰᠠᠬᠤ ᠠᠵᠢᠯ ᠢ ᠪᠥᠬᠦ ᠲᠠᠯ᠎ᠠ ᠪᠠᠷ ᠳᠥᠯᠭᠢᠨ ᠠᠬᠢᠭᠤᠯᠪᠠ᠃ ᠲᠦᠩᠯᠢᠶᠣᠤ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠢᠳᠡᠪᠬᠢᠲᠡᠶ ᠪᠠᠷ ᠳᠥᠯᠭᠢᠨ ᠠᠬᠢᠭᠤᠯᠵᠤ᠂ ᠢᠯᠴᠢ ᠬᠠᠩᠭᠠᠬᠤ ᠠᠵᠤ ᠠᠬᠤᠶᠢᠯᠠᠯ ᠤᠨ ᠢᠯᠴᠢ ᠬᠠᠩᠭᠠᠬᠤ ᠲᠦᠭᠦᠭᠡᠷᠦᠮᠵᠢ ᠶᠢ ᠪᠠᠶᠢᠴᠠᠭᠠᠨ ᠵᠠᠰᠠᠬᠤ ᠠᠵᠢᠯ ᠳᠤ ᠬᠢᠨᠠᠯᠲᠠ ᠲᠠᠯᠪᠢᠨ᠎ᠠ᠃ ᠣᠳᠣᠬᠠᠨ ᠳᠤ 41 ᠢᠯᠴᠢ ᠶᠢᠨ ᠰᠤᠷᠪᠤᠯᠵᠢ ᠶᠢᠨ ᠦᠢᠯᠡᠳᠪᠦᠷᠢ ᠶᠢ ᠪᠠᠶᠢᠴᠠᠭᠠᠨ ᠵᠠᠰᠠᠵᠤ᠂ 7 ᠢᠯᠴᠢ ᠶᠢᠨ ᠰᠤᠷᠪᠤᠯᠵᠢ ᠶᠢᠨ ᠦᠢᠯᠡᠳᠪᠦᠷᠢ ᠶᠢ ᠥᠭᠡᠷᠡᠴᠢᠯᠡᠨ ᠵᠠᠰᠠᠵᠤ᠂ 556 ᠺᠢᠯᠣᠮᠧᠲᠷ ᠢᠯᠴᠢ ᠶᠢᠨ ᠲᠣᠣᠷ ᠢ ᠪᠠᠶᠢᠴᠠᠭᠠᠨ ᠵᠠᠰᠠᠵᠤ᠂ 137 ᠺᠢᠯᠣᠮᠧᠲᠷ ᠥᠭᠡᠷᠡᠴᠢᠯᠡᠵᠦ᠂ 586 ᠢᠯᠴᠢ ᠰᠣᠯᠢᠯᠴᠠᠬᠤ ᠦᠷᠳᠡᠭᠡ ᠶᠢ ᠪᠠᠶᠢᠴᠠᠭᠠᠨ ᠵᠠᠰᠠᠵᠤ᠂ 64 ᠢᠯᠴᠢ ᠰᠣᠯᠢᠯᠴᠠᠬᠤ ᠦᠷᠳᠡᠭᠡ ᠶᠢ ᠥᠭᠡᠷᠡᠴᠢᠯᠡᠨ ᠵᠠᠰᠠᠵᠤ᠂ ᠡᠯ᠎ᠡ ᠵᠦᠢᠯ ᠤᠨ ᠢᠯᠴᠢ ᠶᠢᠨ ᠰᠤᠷᠪᠤᠯᠵᠢ᠂ ᠢᠯᠴᠢ ᠶᠢᠨ ᠲᠣᠣᠷ ᠵᠢᠴᠢ ᠢᠯᠴᠢ ᠰᠣᠯᠢᠯᠴᠠᠬᠤ ᠦᠷᠳᠡᠭᠡ ᠶᠢ ᠪᠠᠶᠢᠴᠠᠭᠠᠨ ᠵᠠᠰᠠᠬᠤ ᠠᠵᠢᠯ ᠢ ᠨᠢᠭᠡᠨᠲᠡ ᠳᠠᠭᠤᠰᠬᠠᠵᠤ᠂ ᠢᠯᠴᠢ ᠬᠠᠩᠭᠠᠬᠤ ᠠᠵᠢᠯ ᠢ ᠲᠣᠭᠲᠠᠭᠤᠨ ᠢᠶᠠᠷ ᠬᠢᠵᠦ ᠪᠠᠶᠢᠨ᠎ᠠ᠃       ᠭᠤᠷᠪᠠ ᠳᠤ᠂ ᠬᠤᠲᠠ ᠶᠢᠨ ᠲᠣᠭᠤᠷᠢᠭ ᠬᠤᠯᠪᠣᠭᠠᠯᠠᠨ ᠬᠥᠳᠡᠯᠦᠯᠴᠡᠵᠦ ᠲᠥᠪ ᠬᠤᠲᠠ ᠶᠢᠨ ᠲᠣᠭᠤᠷᠢᠭ ᠤᠨ ᠳᠤᠯᠠᠭᠠᠯᠭ᠎ᠠ ᠶᠢᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠳᠥᠯᠭᠢᠨ ᠠᠬᠢᠭᠤᠯᠪᠠ᠃ ᠣᠶᠢᠷ᠎ᠠ ᠶᠢᠨ ᠬᠡᠳᠦᠨ ᠵᠢᠯ ᠤᠨ ᠳᠤᠯᠠᠭᠠᠯᠭ᠎ᠠ ᠶᠢᠨ ᠠᠵᠢᠯᠯᠠᠭᠠᠨ ᠤ ᠪᠠᠶᠢᠳᠠᠯ ᠠᠴᠠ ᠦᠵᠡᠪᠡᠯ᠂ ᠭᠤᠤᠯ ᠬᠤᠲᠠ ᠶᠢᠨ ᠲᠣᠭᠤᠷᠢᠭ ᠤᠨ ᠳᠤᠯᠠᠭᠠᠯᠭ᠎ᠠ ᠶᠢᠨ ᠪᠠᠶᠢᠳᠠᠯ ᠶᠡᠷᠦᠩᠬᠡᠶ ᠳᠡᠭᠡᠨ ᠰᠠᠶᠢᠵᠢᠷᠠᠭᠰᠠᠨ ᠪᠣᠯᠪᠠᠴᠤ ᠮᠥᠨ ᠬᠦ ᠡᠳᠦᠶ ᠲᠡᠳᠦᠶ ᠠᠰᠠᠭᠤᠳᠠᠯ ᠣᠷᠣᠰᠢᠵᠤ ᠪᠠᠶᠢᠨ᠎ᠠ᠂ ᠲᠦᠩᠯᠢᠶᠣᠤ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠡᠯ᠎ᠡ ᠳᠤᠯᠠᠭᠠᠯᠭ᠎ᠠ ᠶᠢᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠵᠢᠭᠰᠠᠭᠠᠨ ᠪᠠᠶᠢᠴᠠᠭᠠᠵᠤ᠂ ᠳᠡᠭᠡᠷ᠎ᠡ ᠨᠢᠭᠡ ᠬᠤᠭᠤᠴᠠᠭᠠᠨ ᠤ ᠳᠤᠯᠠᠭᠠᠯᠭ᠎ᠠ ᠶᠢᠨ ᠬᠤᠭᠤᠴᠠᠭᠠᠨ ᠤ ᠰᠠᠭᠤᠭᠠᠯᠢ ᠠᠷᠠᠳ ᠤᠨ ᠲᠤᠰᠬᠠᠭᠰᠠᠨ ᠢᠶᠠᠷ᠂ ᠳᠤᠯᠠᠭᠠᠯᠭ᠎ᠠ ᠶᠢᠨ ᠶᠠᠰᠤ ᠴᠢᠨᠠᠷ ᠤᠨ ᠠᠰᠠᠭᠤᠳᠠᠯ ᠨᠡᠯᠢᠶᠡᠳ ᠲᠥᠪᠯᠡᠷᠡᠭᠰᠡᠨ 89 ᠵᠢᠵᠢᠭ ᠲᠣᠭᠤᠷᠢᠭ ᠢ ᠡᠮᠬᠢᠯᠡᠨ ᠭᠠᠷᠭᠠᠵᠤ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠬᠡᠷᠡᠭᠵᠢᠭᠦᠯᠪᠡ᠃ ᠣᠳᠣᠬᠠᠨ ᠳᠤ᠂ ᠲᠣᠰ ᠵᠢᠯ ᠤᠨ ᠳᠤᠯᠠᠭᠠᠯᠭ᠎ᠠ ᠶᠢᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠨᠢᠭᠡᠨᠲᠡ ᠳᠠᠭᠤᠰᠴᠠᠶ᠃       ᠳᠥᠷᠪᠡ ᠳᠤ᠂ ᠬᠤᠰᠢᠭᠤ ᠰᠢᠶᠠᠨ ᠤ ᠢᠯᠴᠢ ᠬᠠᠩᠭᠠᠬᠤ ᠳᠠᠯᠳᠠ ᠬᠡᠮ ᠤᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠳᠤ ᠬᠢᠨᠠᠯᠲᠠ ᠲᠠᠯᠪᠢᠨ ᠵᠢᠯᠣᠭᠤᠳᠤᠨ᠎ᠠ᠃ ᠡᠳᠦᠷ ᠲᠤᠲᠤᠮ ᠤᠨ ᠠᠵᠢᠯ ᠤᠨ ᠳᠤᠮᠳᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠰᠢᠶᠠᠩ ᠪᠠᠯᠭᠠᠰᠤ ᠶᠢᠨ ᠢᠯᠴᠢ ᠬᠠᠩᠭᠠᠬᠤ ᠠᠵᠤ ᠠᠬᠤᠶᠢᠯᠠᠯ ᠤᠨ ᠬᠡᠪᠴᠢᠶ᠎ᠡ ᠪᠠᠭ᠎ᠠ᠂ ᠮᠡᠷᠭᠡᠵᠢᠯ ᠤᠨ ᠬᠦᠴᠦᠨ ᠪᠠᠭᠤᠷᠠᠶ᠂ ᠠᠵᠤ ᠠᠬᠤᠶᠢᠯᠠᠯ ᠤᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠨᠡᠯᠢᠶᠡᠳ ᠠᠨᠠᠶ ᠪᠠᠶᠢᠬᠤ ᠶᠢ ᠣᠯᠵᠤ ᠮᠡᠳᠡᠭᠡᠳ᠂ ᠲᠦᠩᠯᠢᠶᠣᠤ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ 8 ᠳ᠋ᠤᠭᠠᠷ ᠰᠠᠷ᠎ᠠ ᠶᠢᠨ ᠡᠬᠢ ᠪᠠᠷ᠂ ᠡᠯ᠎ᠡ ᠬᠤᠰᠢᠭᠤ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢ ᠰᠢᠶᠠᠩ ᠪᠠᠯᠭᠠᠰᠤ ᠶᠢᠨ ᠢᠯᠴᠢ ᠬᠠᠩᠭᠠᠬᠤ ᠠᠵᠤ ᠠᠬᠤᠶᠢᠯᠠᠯ ᠢ ᠪᠠᠶᠢᠴᠠᠭᠠᠨ ᠵᠠᠰᠠᠬᠤ ᠠᠵᠢᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠰᠠᠭᠤᠳᠠᠯ ᠢ ᠡᠮᠬᠢᠯᠡᠵᠦ ᠵᠢᠭᠰᠠᠭᠠᠨ ᠪᠠᠶᠢᠴᠠᠭᠠᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠬᠤ ᠬᠡᠷᠡᠭᠲᠡᠶ ᠭᠡᠵᠦ ᠱᠠᠭᠠᠷᠳᠠᠪᠠ᠃       ᠲᠠᠪᠤ ᠳᠤ᠂ ᠢᠯᠴᠢ ᠬᠠᠩᠭᠠᠬᠤ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠪᠠ᠃ ᠲᠦᠩᠯᠢᠶᠣᠤ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠢᠯᠴᠢ ᠬᠠᠩᠭᠠᠬᠤ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠲᠥᠰᠦᠯ ᠳᠤ ᠪᠣᠳᠠᠲᠠᠶ ᠪᠠᠷ ᠲᠣᠬᠢᠷᠠᠭᠤᠯᠤᠯᠲᠠ ᠬᠢᠵᠦ᠂ ᠠᠷᠠᠳ ᠣᠯᠠᠨ ᠤ ᠢᠯᠴᠢ ᠬᠠᠩᠭᠠᠬᠤ ᠶᠢ ᠴᠠᠭ ᠲᠤᠬᠠᠶ ᠳᠤᠨᠢ ᠪᠠᠲᠤᠯᠠᠪᠠ᠃ ᠳᠤᠯᠠᠭᠠᠯᠭ᠎ᠠ ᠶᠢᠨ ᠬᠤᠭᠤᠴᠠᠭᠠᠨ ᠳᠤ ᠬᠤᠲᠠ ᠶᠢᠨ ᠰᠠᠭᠤᠭᠠᠯᠢ ᠠᠷᠠᠳ ᠤᠨ ᠬᠡᠷᠡᠭᠯᠡᠬᠦ ᠢᠯᠴᠢ ᠶᠢᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠲᠦᠩᠯᠢᠶᠣᠤ ᠬᠤᠲᠠ 2016 ᠣᠨ ᠠᠴᠠ ᠡᠬᠢᠯᠡᠨ ᠳᠤᠯᠠᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠮᠥᠩᠭᠦ ᠶᠢᠨ ᠲᠦᠷᠢᠮ ᠢ ᠪᠠᠶᠢᠭᠤᠯᠵᠤ᠂ ᠡᠨᠡ ᠵᠢᠯ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠡᠯᠪᠡᠷᠢ ᠪᠠᠷ ᠬᠤᠶᠠᠷ ᠪᠠᠴᠢᠮ ᠪᠠᠶᠢᠳᠠᠯ ᠢ ᠠᠷᠭᠠᠴᠠᠬᠤ ᠵᠠᠪᠳᠤᠨ ᠵᠠᠰᠠᠬᠤ ᠡᠩᠨᠡᠭᠡ ᠶᠢ ᠲᠣᠭᠲᠠᠭᠠᠵᠤ᠂ ᠡᠨᠡ ᠡᠪᠦᠯ ᠢᠷᠡᠬᠦ ᠬᠠᠪᠤᠷ ᠤᠨ ᠳᠤᠯᠠᠭᠠᠯᠭ᠎ᠠ ᠶᠢᠨ ᠲᠥᠬᠦᠭᠡᠷᠦᠮᠵᠢ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠳᠤ ᠬᠡᠷᠡᠭᠯᠡᠨ᠎ᠡ᠃ ᠳᠤᠯᠠᠭᠠᠯᠭ᠎ᠠ ᠶᠢᠨ ᠠᠵᠤ ᠠᠬᠤᠶᠢᠯᠠᠯ ᠤᠳ ᠴᠥᠮ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠡᠩᠨᠡᠭᠡ ᠶᠢ ᠪᠠᠶᠢᠭᠤᠯᠵᠤ᠂ ᠳᠤᠯᠠᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠵᠤ ᠵᠠᠪᠳᠤᠨ ᠵᠠᠰᠠᠬᠤ ᠠᠷᠭ᠎ᠠ ᠬᠡᠮᠵᠢᠶ᠎ᠡ ᠶᠢ ᠪᠦᠷᠢᠨᠰᠢᠬᠦᠯᠵᠦ᠂ ᠵᠠᠪᠳᠤᠨ ᠵᠠᠰᠠᠬᠤ ᠴᠠᠭ ᠢ ᠶᠡᠭᠡ ᠪᠠᠷ ᠪᠣᠭᠤᠨᠢᠰᠬᠠᠵᠤ᠂ ᠡᠪᠦᠯ ᠤᠨ ᠤᠯᠠᠷᠢᠯ ᠳᠤ ᠠᠰᠠᠭᠤᠳᠠᠯ ᠭᠠᠷᠪᠠᠯ ᠳᠠᠷᠤᠶ ᠲᠦᠷᠭᠡᠨ ᠠᠷᠭᠠᠴᠠᠬᠤ ᠪᠠ ᠬᠡᠪ ᠤᠨ ᠳᠤᠯᠠᠭᠠᠯᠭ᠎ᠠ ᠶᠢ ᠰᠡᠷᠭᠦᠭᠡᠬᠦ ᠶᠢ ᠪᠠᠲᠤᠯᠠᠭᠰᠠᠨ ᠪᠠᠶᠢᠨ᠎ᠠ᠃       ᠵᠢᠷᠭᠤᠭ᠎ᠠ ᠳᠤ᠂ ᠠᠷᠠᠳ ᠤᠨ ᠬᠠᠯᠠᠭᠤᠨ ᠳᠤᠯᠠᠭᠠᠨ ᠢ ᠠᠰᠠᠭᠤᠬᠤ ᠵᠢᠴᠢ ᠵᠠᠬᠢᠳᠠᠯ ᠰᠤᠷᠪᠤᠯᠵᠢᠯᠠᠭ᠎ᠠ ᠶᠢᠨ ᠵᠠᠭᠠᠯᠳᠤᠯᠭ᠎ᠠ ᠶᠢ  ᠰᠢᠢᠳᠪᠦᠷᠢᠯᠡᠬᠦ ᠠᠵᠢᠯ ᠤᠨ ᠡᠷᠴᠢᠮ ᠢ ᠴᠢᠩᠭᠠᠷᠠᠭᠤᠯᠪᠠ᠃ ᠲᠦᠩᠯᠢᠶᠣᠤ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ︽ᠲᠦᠩᠯᠢᠶᠣᠤ ᠬᠤᠲᠠ ᠶᠢᠨ ᠢᠯᠴᠢ ᠬᠠᠩᠭᠠᠬᠤ ᠦᠢᠯᠡᠴᠢᠯᠡᠭᠡᠨ ᠤ ᠬᠠᠮᠢᠶᠠᠷᠤᠯᠲᠠ ᠶᠢᠨ ᠲᠦᠷᠢᠮ︾ ᠢ ᠲᠣᠭᠲᠠᠭᠠᠭᠰᠠᠨ ᠤ ᠬᠠᠮᠲᠤ᠂ ᠵᠥᠷᠢᠶᠡᠲᠦ ᠦᠨᠡᠯᠡᠯᠲᠡ ᠶᠢᠨ ᠲᠦᠷᠢᠮ ᠢ ᠰᠠᠶᠢᠲᠤᠷ ᠪᠠᠶᠢᠭᠤᠯᠵᠤ᠂ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠤᠨ ᠲᠠᠪᠴᠠᠩ ᠳᠤ ᠰᠦᠯᠵᠢᠶᠡᠨ ᠤ ᠪᠠᠶᠢᠴᠠᠭᠠᠯᠲᠠ ᠬᠢᠵᠦ᠂ ᠠᠵᠤ ᠠᠬᠤᠶᠢᠯᠠᠯ ᠲᠤᠬᠠᠶ ᠶᠢᠨ ᠭᠠᠵᠠᠷ ᠲᠤᠨᠢ ᠬᠦᠷᠴᠦ ᠰᠤᠷᠪᠤᠯᠵᠢᠯᠠᠨ᠂ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠲᠠᠷᠬᠠᠭᠠᠵᠤ᠂ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠶᠢ ᠪᠦᠷᠢᠳᠬᠡᠭᠰᠡᠨ ᠦᠷ᠎ᠡ ᠳ᠋ᠦᠩ ᠢᠶᠠᠷ ᠳᠠᠮᠵᠢᠭᠤᠯᠤᠨ᠂ ᠢᠯᠴᠢ ᠬᠠᠩᠭᠠᠬᠤ ᠠᠵᠤ ᠠᠬᠤᠶᠢᠯᠠᠯ ᠤᠨ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠵᠦ᠂ ᠣᠯᠠᠨ ᠲᠦᠮᠡᠨ ᠤ ᠠᠩᠬᠠᠷᠴᠤ ᠪᠠᠶᠢᠭ᠎ᠠ ᠢᠯᠴᠢ ᠬᠠᠩᠭᠠᠬᠤ ᠠᠰᠠᠭᠤᠳᠠᠯ ᠢ ᠰᠢᠢᠳᠪᠦᠷᠢᠯᠡᠪᠡ᠃ ᠨᠡᠶᠢᠭᠡᠮ ᠲᠣᠭᠤᠷᠢᠭ ᠤᠨ ᠵᠠᠭᠤᠴᠢᠯᠠᠭᠤᠷ ᠢᠶᠠᠷ ᠳᠠᠮᠵᠢᠭᠤᠯᠤᠨ᠂ ᠡᠯ᠎ᠡ ᠬᠠᠮᠢᠶ᠎ᠠ ᠪᠥᠬᠦᠶ ᠰᠠᠯᠠᠭ᠎ᠠ ᠲᠠᠰᠤᠭ᠂ ᠦᠢᠯᠡᠳᠪᠦᠷᠢ ᠶᠢᠨ ᠲᠠᠰᠤᠭ ᠤᠨ ᠠᠵᠢᠯᠲᠠᠳ ᠨᠡᠶᠢᠭᠡᠮ ᠲᠣᠭᠤᠷᠢᠭ ᠤᠨ ᠠᠵᠢᠯᠲᠠᠳ ᠲᠠᠢ ᠬᠤᠯᠪᠣᠭᠠᠯᠠᠨ ᠡᠷᠦᠬᠡ ᠳᠤ ᠬᠦᠷᠴᠦ ᠰᠤᠷᠪᠤᠯᠵᠢᠯᠠᠬᠤ᠂ ᠤᠲᠠᠰᠤ ᠪᠠᠷ ᠬᠠᠷᠢᠭᠤ ᠰᠤᠷᠪᠤᠯᠵᠢᠯᠠᠬᠤ ᠵᠢᠴᠢ ᠢᠯᠴᠢ ᠬᠠᠩᠭᠠᠬᠤ ᠮᠡᠳᠡᠯᠭᠡ ᠶᠢᠨ ᠤᠬᠠᠭᠤᠯᠭ᠎ᠠ ᠶᠢ ᠥᠷᠨᠢᠭᠦᠯᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠠᠷᠠᠳ ᠢ ᠰᠤᠷᠪᠤᠯᠵᠢᠯᠠᠨ ᠳᠤᠯᠠᠭᠠᠯᠠᠭ᠎ᠠ ᠶᠢ ᠠᠰᠠᠭᠤᠵᠤ᠂ ᠰᠠᠭᠤᠭᠠᠯᠢ ᠠᠷᠠᠳ ᠤᠨ ᠲᠤᠰᠬᠠᠭᠰᠠᠨ ᠠᠰᠠᠭᠤᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠡᠮᠬᠢᠯᠡᠨ ᠳᠢᠭᠯᠡᠵᠦ᠂ ᠣᠷᠣᠰᠢᠵᠤ ᠪᠠᠶᠢᠭ᠎ᠠ ᠲᠥᠪᠯᠡᠷᠡᠯ ᠤᠨ ᠠᠰᠠᠭᠤᠳᠠᠯ ᠵᠢᠴᠢ ᠭᠤᠤᠯᠳᠠᠯᠭ᠎ᠠ ᠲᠠᠢ ᠣᠷᠣᠨ ᠪᠦᠰᠡ ᠳᠤ ᠳᠠᠬᠢᠨ ᠳᠠᠪᠲᠠᠨ ᠵᠠᠳᠠᠯᠤᠯᠲᠠ ᠬᠢᠵᠦ᠂ ᠭᠤᠤᠯᠳᠠᠯᠭ᠎ᠠ ᠲᠠᠢ ᠮᠦᠷᠳᠡᠯᠳᠡ ᠬᠢᠪᠡ᠃       ᠣᠲᠣ ᠪᠣᠯᠲᠠᠯ᠎ᠠ᠂ ᠬᠤᠲᠠ ᠶᠢᠨ ᠠᠷᠠᠳ ᠤᠨ ᠦᠢᠯᠡᠴᠢᠯᠡᠭᠡᠨ ᠤ ᠬᠠᠯᠠᠭᠤᠨ ᠤᠲᠠᠰᠤᠨ ᠤ ᠪᠦᠷᠢᠳᠬᠡᠯ ᠢ ᠦᠨᠳᠦᠰᠦᠯᠡᠪᠡᠯ᠂ 10 ᠳ᠋ᠤᠭᠠᠷ ᠰᠠᠷ᠎ᠠ ᠠᠴᠠ 12 ᠳ᠋ᠤᠭᠠᠷ ᠰᠠᠷ᠎ᠠ ᠪᠣᠯᠲᠠᠯ᠎ᠠ ᠲᠦᠩᠯᠢᠶᠣᠤ ᠬᠤᠲᠠ ᠳᠤ ᠨᠡᠶᠢᠲᠡ 12345 ᠬᠠᠯᠠᠭᠤᠨ ᠤᠲᠠᠰᠤᠨ ᠤ ᠢᠯᠴᠢ ᠬᠠᠩᠭᠠᠬᠤ ᠲᠤᠬᠠᠶ ᠵᠠᠭᠠᠯᠳᠤᠯᠭ᠎ᠠ ᠶᠢ ᠭᠥᠯᠢᠶᠡᠨ ᠠᠪᠤᠭᠰᠠᠨ ᠪᠠᠶᠢᠳᠠᠯ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠪᠠᠷᠤᠭ 53% ᠪᠠᠷ ᠪᠠᠭᠤᠷᠠᠭᠰᠠᠨ ᠪᠠᠶᠢᠨ᠎ᠠ᠃
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ