ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠵᠠᠩ ᠾᠧ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠠᠵᠢᠯ ᠡᠬᠢᠯᠡᠭᠦᠯᠦᠨ ᠰᠠᠭᠤᠷᠢ ᠲᠠᠯᠪᠢᠬᠤ ᠶᠣᠰᠣᠯᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2021/12/26
      12 ᠳ᠋ᠤᠭᠠᠷ ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂  ᠲᠢᠩᠬᠢᠮ ᠤᠨ ᠳᠡᠳ᠋ ᠳᠠᠷᠤᠭ᠎ᠠ ᠵᠠᠩ ᠾᠧ ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠥᠷᠭᠡᠳᠬᠡᠨ ᠪᠠᠶᠢᠭᠤᠯᠬᠤ ᠲᠥᠷᠥᠯ ᠵᠦᠢᠯ ᠤᠨ ᠪᠠᠷᠢᠯᠭ᠎ᠠ ᠡᠬᠢᠯᠡᠭᠦᠯᠬᠦ ᠰᠠᠭᠤᠷᠢ ᠲᠠᠯᠪᠢᠬᠤ ᠶᠣᠰᠣᠯᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ᠃
qq.jpg
       ᠵᠠᠩ ᠾᠧ ᠪᠠᠶᠠᠷ ᠤᠨ ᠦᠭᠡ ᠬᠡᠯᠡᠬᠦ ᠳᠡᠭᠡᠨ᠂ ᠥᠪᠥᠷ ᠮᠣᠩᠭᠤᠯ ᠤᠨ ᠤᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠥᠷᠭᠡᠳᠬᠡᠨ ᠪᠠᠶᠢᠭᠤᠯᠬᠤ ᠲᠦᠷᠦᠯ ᠵᠦᠢᠯ ᠪᠣᠯ ᠥᠪᠡᠷᠲᠡᠭᠡᠨ ᠵᠠᠰᠠᠬᠤ ᠣᠷᠣᠨ ᠤ ᠣᠷᠣᠯᠠᠨ ᠪᠠᠶᠢᠭᠤᠯᠬᠤ ᠲᠥᠪ ᠤᠨ ᠳᠠᠭᠠᠭᠠᠨ ᠠᠪᠤᠭᠰᠠᠨ ᠭᠤᠣᠯᠳᠠᠯᠭ᠎ᠠ ᠲᠠᠢ ᠡᠷᠡᠭᠦᠯ ᠬᠠᠮᠠᠭᠠᠯᠠᠯ ᠤᠨ ᠲᠦᠷᠦᠯ ᠵᠦᠢᠯ ᠪᠣᠯᠤᠨ᠎ᠠ᠂ ᠮᠣᠩᠭᠤᠯ ᠡᠮ ᠡᠮᠨᠡᠯᠭᠡ ᠶᠢᠨ ᠮᠡᠷᠭᠡᠵᠢᠯ ᠢ ᠪᠠᠳᠠᠷᠠᠭᠤᠯᠬᠤ᠂ ᠮᠣᠩᠭᠤᠯ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ᠂ ᠡᠮᠨᠡᠯᠭᠡ ᠶᠢᠨ ᠬᠤᠷᠢᠶ᠎ᠠ ᠶᠢᠨ ᠤᠳᠤ ᠶᠢᠨ ᠪᠠᠶᠢᠭ᠎ᠠ ᠲᠥᠬᠦᠭᠡᠷᠦᠮᠵᠢ ᠶᠢᠨ ᠨᠥᠬᠦᠴᠡᠯ ᠢ ᠰᠠᠶᠢᠵᠢᠷᠠᠭᠤᠯᠬᠤ ᠳᠤ ᠴᠢᠬᠤᠯᠠ ᠦᠢᠯᠡᠳᠦᠯ ᠲᠠᠢ ᠶᠤᠮ᠃ ᠲᠥᠷᠥᠯ ᠵᠦᠢᠯ ᠤᠨ ᠵᠠᠯᠭᠠᠮᠵᠢ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠶᠠᠪᠤᠴᠠ ᠳᠤ᠂ ᠥᠪᠡᠷᠲᠡᠭᠡᠨ ᠵᠠᠰᠠᠬᠤ ᠣᠷᠣᠨ ᠤ ᠣᠷᠣᠯᠠᠨ ᠪᠠᠶᠢᠭᠤᠯᠬᠤ ᠲᠥᠪ ᠨᠢ ︽ᠢᠯᠡ ᠲᠣᠳᠣ ᠂ ᠪᠤᠰᠤᠳᠴᠢ ᠲᠥᠪ ᠭᠤᠤᠯᠴᠢ᠂ ᠬᠠᠤᠯᠢ ᠶᠣᠰᠣᠭᠠᠷ ᠠᠵᠢᠯᠯᠠᠬᠤ᠂ ᠠᠷᠢᠭᠤᠨ ᠴᠢᠬᠡᠴᠢ ᠥᠨᠳᠥᠷ ᠪᠦᠲᠦᠮᠵᠢᠲᠡᠶ ᠪᠠᠶᠢᠬᠤ︾ ᠠᠵᠢᠯ ᠤᠨ ᠣᠨᠣᠯᠵᠢᠬᠤᠨ ᠢᠶᠠᠷ᠂ ᠡᠯ᠎ᠡ ᠪᠠᠶᠢᠭᠤᠯᠬᠤ ᠳᠤ ᠣᠷᠣᠯᠴᠠᠭᠰᠠᠨ ᠨᠢᠭᠡᠴᠡ ᠶᠢ ᠪᠦᠯᠬᠦᠮᠳᠡᠭᠦᠯᠦᠨ ᠳᠠᠭᠠᠭᠤᠯᠵᠤ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠭᠤᠤᠯ ᠡᠭᠦᠷᠭᠡ ᠳᠡᠭᠡᠷ᠎ᠡ ᠨᠢᠭᠡᠳᠬᠡᠵᠦ᠂ ᠬᠠᠷᠢᠭᠤᠴᠠᠯᠭ᠎ᠠ ᠶᠢ ᠰᠡᠳᠬᠢᠯ ᠠᠴᠠ ᠪᠠᠨ ᠮᠡᠳᠡᠵᠦ᠂ ᠪᠡᠶ᠎ᠡ ᠳᠡᠭᠡᠨ ᠬᠠᠷᠢᠭᠤᠴᠠᠯᠭ᠎ᠠ ᠡᠭᠦᠷᠭᠡᠯᠡᠨ᠂ ᠬᠠᠷᠢᠭᠤᠴᠠᠯᠭ᠎ᠠ ᠪᠠᠨ ᠭᠦᠢᠴᠡᠳᠭᠡᠵᠦ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠮᠢᠳᠤᠯᠢᠭ ᠦᠢᠯᠡᠳᠦᠯᠭᠡ ᠪᠣᠯᠭᠠᠨ᠎ᠠ᠃ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠶᠢᠨ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠣᠷᠣᠯᠠᠨ ᠪᠠᠶᠢᠭᠤᠯᠬᠤ ᠬᠠᠮᠢᠶᠠᠷᠤᠯᠲᠠ ᠶᠢᠨ ᠲᠦᠷᠢᠮ ᠶᠣᠰᠣᠭᠠᠷ᠂ ᠪᠠᠷᠢᠯᠭ᠎ᠠ ᠶᠢᠨ ᠪᠠᠷᠢᠮᠵᠢᠶ᠎ᠠ ᠶᠢᠨ ᠵᠢᠷᠤᠮᠵᠢᠯ ᠢ ᠴᠢᠩᠭ᠎ᠠ ᠬᠡᠷᠡᠭᠵᠢᠭᠦᠯᠵᠦ᠂ ᠪᠠᠷᠢᠯᠭ᠎ᠠ ᠶᠢᠨ ᠭᠡᠷ᠎ᠡ ᠶᠢᠨ ᠠᠭᠤᠯᠭ᠎ᠠ ᠶᠢ ᠬᠢᠨᠠᠮᠠᠭᠠᠶ ᠭᠦᠢᠴᠡᠳᠭᠡᠵᠦ᠂ ᠣᠷᠣᠯᠠᠨ ᠪᠠᠶᠢᠭᠤᠯᠬᠤ ᠬᠠᠮᠢᠶᠠᠷᠤᠯᠲᠠ ᠶᠢᠨ ᠡᠯ᠎ᠡ ᠵᠦᠢᠯ ᠤᠨ ᠠᠵᠢᠯ ᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠲᠥᠷᠥᠯ ᠵᠦᠢᠯ ᠤᠨ ᠨᠢᠭᠡᠨᠲᠡ ᠲᠣᠭᠲᠠᠭᠠᠭᠰᠠᠨ ᠪᠥᠲᠥᠭᠡᠨ ᠪᠠᠶᠢᠭᠤᠯᠤᠯᠲᠠ ᠶᠢᠨ ᠬᠠᠷᠠᠯᠲᠠ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠦᠨ᠎ᠡ ᠭᠡᠪᠡ᠃       ᠥᠪᠥᠷ ᠮᠣᠩᠭᠤᠯ ᠤᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠥᠷᠭᠡᠳᠬᠡᠨ ᠪᠠᠶᠢᠭᠤᠯᠬᠤ ᠲᠥᠷᠥᠯ  ᠵᠦᠢᠯ ᠪᠠᠷᠤᠭ 37.2 ᠮᠥ ᠭᠠᠵᠠᠷ ᠡᠵᠡᠯᠡᠵᠦ᠂ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ 10.18 ᠲᠦᠮᠡᠨ ᠲᠡᠭᠰᠢ ᠳᠥᠷᠪᠡᠯᠵᠢᠨ ᠮᠧᠲᠷ᠂ ᠶᠡᠷᠦᠩᠬᠡᠶ ᠣᠷᠣ ᠶᠢᠨ ᠲᠤᠭ᠎ᠠ ᠨᠢ 818 ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ 99483.08 ᠲᠦᠮᠡᠨ ᠲᠥᠭᠦᠷᠢᠭ ᠪᠠᠶᠢᠵᠤ᠂ 3 ᠵᠢᠯ ᠤᠨ ᠳᠣᠲᠣᠷ᠎ᠠ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠣᠶ᠃
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ