ᠪᠥᠬᠦ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ  ᠶᠢ ︽ᠨᠢᠭᠡ ᠰᠦᠯᠵᠢᠶ᠎ᠡ ᠪᠠᠷ ᠪᠦᠬᠦᠨ ᠢ ᠭᠦᠢᠴᠡᠳᠭᠡᠬᠦ︾ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2021/12/3
      ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠪᠣᠯ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠨ᠎ᠡ ᠪᠠᠶᠢᠳᠠᠯ ᠤᠨ ᠳᠣᠤᠷ᠎ᠠ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠠᠬᠢᠭᠤᠯᠬᠤ ᠪᠠ ︽ᠪᠠᠭᠤᠯᠭᠠᠬᠤ ᠬᠠᠮᠢᠶᠠᠷᠬᠤ  ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠢᠬᠤᠯᠠ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ᠎ᠠ᠃       ᠡᠨᠡ ᠵᠢᠯ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠤᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠶᠢᠨ ᠱᠠᠭᠠᠷᠳᠠᠯᠭ᠎ᠠ ᠶᠣᠰᠣᠭᠠᠷ᠂ ᠦᠷᠭᠦᠯᠵᠢᠯᠡᠨ ᠬᠦᠴᠦᠯᠡᠵᠦ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠬᠢᠭᠡᠳ ᠬᠠᠮᠢᠶ᠎ᠠ ᠪᠥᠬᠦᠶ ᠰᠢᠰᠲ᠋ᠧᠮ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠪᠠ ᠃ 6 ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠯᠦᠭᠡ ᠬᠥᠨᠳᠡᠯᠡᠨ ᠢᠶᠠᠷ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠵᠦ ᠂ 12 ᠠᠶᠢᠮᠠᠭ ᠬᠤᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠰᠢᠰᠲ᠋ᠧᠮ ᠤᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠬᠠᠮᠲᠤᠪᠠᠷ ᠭᠥᠷᠳᠡᠵᠦ᠂ ᠲᠤᠭ᠎ᠠ ᠪᠠᠷᠢᠮᠲᠠ ᠶᠢ ᠬᠠᠷᠢᠯᠴᠠᠨ ︽ᠬᠥᠨᠳᠡᠯᠡᠨ ᠢᠶᠠᠷ ᠵᠠᠬ᠎ᠠ ᠬᠢᠵᠠᠭᠠᠷ ᠬᠦᠷᠲᠡᠯ᠎ᠡ᠂ ᠭᠤᠯᠳᠤ ᠪᠠᠷ ᠡᠴᠦᠰ ᠲᠤᠨᠢ ᠲᠤᠯᠲᠠᠯ᠎ᠠ︾ ᠰᠤᠯᠢᠪᠴᠠᠭᠤᠯᠪᠠ᠃ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠤᠯᠪᠣᠭᠳᠠᠭᠰᠠᠨ 13 ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠂ 66 ᠬᠢᠨᠠᠨ ᠵᠥᠪᠰᠢᠶᠡᠷᠡᠬᠦ ᠵᠦᠢᠯᠡᠰ ᠢ ᠪᠦᠬᠦᠨ ᠢ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠰᠢᠰᠲ᠋ᠧᠮ ᠳᠤ ᠣᠷᠣᠭᠤᠯᠤᠨ ᠭᠦᠢᠴᠡᠳᠭᠡᠵᠦ᠂ ᠬᠠᠮᠢᠶ᠎ᠠ ᠪᠥᠬᠦᠶ ᠬᠢᠨᠠᠨ ᠵᠥᠪᠰᠢᠶᠡᠷᠡᠭᠰᠡᠨ ᠦᠷ᠎ᠡ ᠳ᠋ᠦᠩ ᠤᠨ ᠳᠠᠭᠠᠯᠳᠤᠭᠤᠯᠤᠯ ᠮᠡᠳᠡᠭᠡ ᠵᠠᠩᠭᠢ ᠶᠢ ᠴᠠᠭ ᠲᠤᠬᠠᠶ ᠳᠤᠨᠢ ᠬᠠᠮᠲᠤᠪᠠᠷ ᠭᠥᠷᠳᠡᠵᠦ᠂ ᠬᠢᠨᠠᠨ ᠵᠥᠪᠰᠢᠶᠡᠷᠡᠬᠦ ᠡᠯ᠎ᠡ ᠱᠠᠲᠤ ᠦᠶ᠎ᠡ ᠳᠤ ᠠᠶᠠᠨᠳᠠᠭᠠᠨ ᠰᠢᠯᠵᠢᠭᠦᠯᠦᠨ ᠠᠪᠴᠤ ᠪᠣᠯᠤᠨ᠎ᠠ᠃ 2021 ᠣᠨ ᠤ 11 ᠳ᠋ᠤᠭᠡᠷ ᠰᠠᠷ᠎ᠠ ᠶᠢᠨ 17 ᠤ ᠡᠳᠦᠷ ᠪᠣᠯᠲᠠᠯ᠎ᠠ᠂ ᠪᠥᠬᠦ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠨᠢ ᠣᠲᠣ ᠶᠢᠨ ᠪᠠᠶᠢᠭ᠎ᠠ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠰᠢᠰᠲ᠋ᠧᠮ ᠯᠦᠭᠡ ᠪᠦᠬᠦᠨ ᠢᠶᠠᠷ ᠢᠶᠠᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠵᠦ᠂ ᠬᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠰᠠᠭᠤᠷᠢ ᠲᠦᠭᠦᠭᠡᠷᠦᠮᠵᠢ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠯ ᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠶᠢ ᠪᠡᠶᠡᠯᠡᠭᠦᠯᠪᠡ᠃      ᠥᠩᠭᠡᠷᠡᠭᠰᠡᠨ ᠳᠤ᠂ ᠭᠤᠶᠤᠴᠢᠯᠠᠭᠴᠢ ᠠᠳᠠᠯᠢ ᠪᠤᠰᠤ ᠠᠵᠢᠯ ᠲᠥᠷᠥᠯ ᠤᠨ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠳᠤ ᠣᠷᠣᠵᠤ ᠭᠤᠶᠤᠴᠢᠯᠠᠨ ᠮᠡᠳᠡᠭᠦᠯᠬᠦ ᠴᠢᠬᠤᠯᠠᠲᠠᠶ ᠪᠠᠶᠢᠭᠰᠠᠨ ᠪᠣᠯᠬᠤᠷ᠂ ᠬᠤᠯᠪᠣᠭᠳᠠᠯ ᠪᠥᠬᠦᠶ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠤᠭᠤᠷᠣᠨᠳᠣ ᠪᠠᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠳᠤ ᠬᠦᠴᠢᠷᠲᠡᠶ ᠪᠠᠶᠢᠵᠤ᠂ ᠲᠥᠷᠥᠯ ᠵᠦᠢᠯ ᠤᠨ ᠭᠤᠶᠤᠴᠢᠯᠠᠨ ᠮᠡᠳᠡᠭᠦᠯᠬᠦ ᠮᠡᠳᠡᠭᠡ ᠵᠠᠩᠭᠢ ᠶᠢ ︽ᠳᠠᠪᠬᠤᠷᠳᠠᠭᠤᠯᠤᠨ ᠴᠤᠭᠯᠠᠭᠤᠯᠵᠤ᠂ ᠬᠤᠶᠠᠳᠠᠬᠢ ᠤᠳᠠᠭ᠎ᠠ ᠪᠢᠴᠢᠵᠦ ᠣᠷᠣᠭᠤᠯᠬᠤ︾ ᠪᠠᠶᠢᠵᠠᠢ᠃ ᠣᠳᠣᠬᠠᠨ ᠳᠤ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠢᠨᠠᠨ ᠵᠥᠪᠰᠢᠶᠡᠷᠡᠯ ᠢ ︽ᠨᠢᠭᠡ ᠢᠵᠢ ᠲᠣᠭᠲᠠᠴᠠ︾ ᠪᠠᠷ ᠳᠠᠮᠵᠢᠭᠤᠯᠤᠨ ᠬᠢᠨᠠᠨ ᠵᠥᠪᠰᠢᠶᠡᠷᠡᠬᠦ ᠠᠵᠢᠯᠯᠠᠭᠠᠨ ᠢ ᠵᠢᠷᠤᠮᠵᠢᠭᠤᠯᠵᠤ᠂ ︽ᠨᠢᠭᠡ ᠬᠦᠰᠦᠨᠦᠭᠲᠦ︾ ᠪᠠᠷ ᠮᠡᠳᠡᠭᠦᠯᠬᠦ ᠮᠠᠲ᠋ᠧᠷᠢᠶᠠᠯ ᠢ ᠡᠮᠬᠢᠯᠡᠨ ᠨᠡᠶᠢᠯᠡᠭᠦᠯᠵᠦ᠂ ︽ᠨᠢᠭᠡ ᠴᠣᠩᠬᠤ︾ ᠪᠠᠷ ᠶᠡᠷᠦᠩᠬᠡᠶᠢᠯᠡᠭᠰᠡᠨ  ᠦᠢᠯᠡᠴᠢᠯᠡᠭᠡ ᠬᠠᠩᠭᠠᠭᠰᠠᠨ ᠢᠶᠠᠷ᠂ ᠭᠤᠶᠤᠴᠢᠯᠠᠭᠴᠢ ᠶᠢᠨ ᠬᠢᠨᠠᠨ ᠵᠥᠪᠰᠢᠶᠡᠷᠡᠬᠦ ᠮᠠᠲ᠋ᠧᠷᠢᠶᠠᠯ ᠢ ᠳᠠᠪᠬᠤᠷᠳᠠᠭᠤᠯᠤᠨ ᠬᠠᠩᠭᠠᠬᠤ ᠪᠠ ᠰᠢᠰᠲ᠋ᠧᠮ ᠤᠨ ᠮᠡᠳᠡᠭᠡ ᠵᠠᠩᠭᠢ ᠶᠢ ᠣᠷᠣᠭᠤᠯᠬᠤ ᠶᠠᠪᠤᠳᠠᠯ ᠢ ᠦᠨᠡᠨ ᠬᠦ ᠪᠠᠭᠠᠰᠬᠠᠵᠤ᠂ ᠲᠤᠭ᠎ᠠ ᠪᠠᠷᠢᠮᠲᠠ ᠶᠢ ᠢᠯᠡᠭᠦᠤ ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠵᠦ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃       ᠡᠭᠦᠨ ᠤ ᠬᠠᠮᠲᠤ᠂ ᠨᠠᠩ ᠣᠯᠠᠨ ᠤᠴᠢᠷ ᠶᠠᠪᠤᠳᠠᠯ ᠢ ︽ᠠᠯᠠᠭᠠᠨ ᠳᠡᠭᠡᠷᠡᠬᠢ ᠠᠯᠪᠠᠨ ᠬᠡᠷ︾ ︽ᠬᠤᠷᠤᠭᠤᠨ ᠦᠵᠦᠭᠦᠷ ᠤᠨ ᠠᠯᠪᠠᠨ ᠬᠡᠷ︾ ᠢ ᠪᠡᠶᠡᠯᠡᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠪᠠ 12 ᠠᠶᠢᠮᠠᠭ ᠬᠤᠲᠠ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠤᠨ ᠬᠢᠨ ᠰᠢᠯᠵᠢᠮᠡᠯ ᠬᠤᠯᠪᠤᠭ᠎ᠠ ᠶᠢ ᠨᠡᠭᠡᠭᠡᠨ ᠬᠥᠭᠵᠢᠭᠦᠯᠬᠦ ᠶᠢᠨ ᠬᠠᠮᠲᠤ ᠮᠣᠩᠭᠤᠯ ᠰᠤᠪᠠᠭ ᠠᠯᠪᠠᠯᠠᠬᠤ APP ᠶᠢ ᠵᠠᠯᠭᠠᠨ ᠣᠷᠣᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ᠤᠯᠠᠮ ᠨᠢᠭᠡ ᠠᠯᠬᠤᠮ ᠲᠥᠬᠦᠮ ᠦᠵᠡᠭᠦᠯᠪᠡ᠃       ᠲᠠᠷᠠᠭᠠᠴᠢ ᠶᠢᠨ ᠠᠯᠬᠤᠮ ᠳᠤ᠂ ᠰᠢᠰᠲ᠋ᠧᠮ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠭᠰᠡᠨ ᠰᠠᠭᠤᠷᠢᠨ ᠳᠡᠭᠡᠷ᠎ᠡ᠂ ᠭᠦᠨᠵᠡᠭᠡᠶ ᠠᠭᠤᠰᠤᠯᠴᠠᠬᠤ ᠶᠢ ᠠᠬᠢᠭᠤᠯᠵᠤ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠬᠡᠷᠡᠭ ᠡᠷᠭᠢᠯᠡᠬᠦ ᠲᠢᠩᠬᠢᠮ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠤᠨ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠲᠥᠬᠦᠮ ᠦᠵᠡᠭᠦᠯᠬᠦ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ