ᠯᠢ ᠺᠧ ᠴᠢᠶᠠᠩ ᠱᠠᠨ ᠰᠢ ᠶᠢᠨ ᠶᠦᠨ ᠴᠧᠩ ᠤᠨ ᠶᠠᠳᠠᠭᠤ ᠠᠴᠠ ᠠᠩᠭᠢᠵᠢᠷᠠᠭᠰᠠᠨ ᠲᠤᠰᠬᠤᠨ ᠳᠤ ᠬᠦᠷᠴᠦ᠂ ᠲᠤᠰᠬᠤᠨ ᠠᠷᠠᠳ ᠤᠨ ᠡᠪᠦᠯ ᠤᠨ ᠳᠤᠯᠠᠭᠠᠴᠠᠯ ᠢ ᠣᠨᠴᠠᠭᠠᠢ ᠬᠠᠯᠠᠮᠵᠢᠯᠠᠪᠠ
ᠨᠡᠶᠢᠲᠡᠯᠡᠭᠰᠡᠨ ᠴᠠᠭ᠄
2021/2/18
      ᠯᠢ ᠺᠧ ᠴᠢᠶᠠᠩ 2 ᠰᠠᠷ᠎ᠠ ᠶᠢᠨ 7 ᠤ ᠡᠳᠦᠷ ᠱᠠᠨ ᠰᠢ ᠶᠢᠨ ᠶᠦᠨ ᠴᠧᠩ ᠰᠢᠶᠠ ᠰᠢᠶᠠᠨ ᠤ ᠮᠢᠶᠣᠤ ᠴᠢᠶᠠᠨ ᠪᠠᠯᠭᠠᠰᠤᠨ ᠤ ᠡᠦ ᠲᠣᠰᠬᠤᠨ ᠳᠤ ᠬᠦᠷᠴᠦ ᠶᠠᠳᠠᠭᠤ ᠠᠴᠠ ᠠᠩᠭᠢᠵᠢᠷᠠᠭᠰᠠᠳ ᠢ ᠡᠷᠭᠢᠨ ᠦᠵᠡᠪᠡ᠂ ᠲᠤᠬᠠᠢ ᠶᠢᠨ ᠭᠠᠵᠠᠷ ᠤᠨ ᠲᠣᠰᠬᠤᠨ ᠤ ᠠᠷᠠᠳ ᠤᠨ ᠡᠪᠦᠯ ᠤᠨ ᠤᠯᠠᠷᠢᠯ ᠤᠨ ᠳᠤᠯᠠᠭᠠᠯᠠᠯᠭ᠎ᠠ ᠶᠢ ᠬᠦᠨᠳᠦᠳᠬᠡᠨ ᠬᠠᠯᠠᠮᠵᠢᠯᠠᠵᠠᠢ᠃ ᠡᠨᠡ ᠲᠣᠰᠬᠤᠨ ᠤ ᠡᠷᠦᠬᠡ ᠪᠣᠯᠭᠠᠨ ᠵᠢᠮᠢᠰ ᠤᠨ ᠮᠣᠳᠣ ᠲᠠᠷᠢᠵᠤ ᠤᠯᠤᠰ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠳᠣᠣᠷ᠎ᠠ ᠲᠣᠰᠬᠤᠨ ᠤ ᠠᠷᠠᠳ ᠠᠮᠢᠳᠤ ᠪᠣᠳᠠᠰ ᠤᠨ ᠬᠢᠰᠠ ᠶᠢ ᠬᠡᠷᠡᠭᠯᠡᠵᠦ  ᠪᠠᠶᠢᠭᠠᠳ ᠬᠠᠶᠢᠴᠢᠯᠠᠵᠤ ᠵᠠᠰᠠᠵᠤ ᠭᠠᠷᠭᠠᠭᠰᠠᠨ ᠵᠢᠮᠢᠰ ᠤᠨ ᠮᠣᠳᠣᠨ ᠤ ᠮᠥᠴᠢᠷ᠂ ᠡᠰᠢ ᠰᠦᠷᠡᠯ ᠤᠨ ᠮᠥᠬᠦᠯᠢᠭ ᠵᠡᠷᠭᠡ ᠶᠢ ᠰᠢᠲᠠᠭᠠᠯᠭ᠎ᠠ ᠶᠢᠨ ᠡᠳ᠋ ᠢᠶᠠᠷ ᠬᠢᠵᠦ ᠬᠤᠭᠤᠯᠠ ᠬᠢᠬᠦ᠂ ᠳᠤᠯᠠᠭᠠᠯᠠᠭ᠎ᠠ ᠶᠢᠨ ᠠᠰᠠᠭᠤᠳᠠᠯ ᠢ ᠰᠢᠢᠳᠪᠦᠷᠢᠯᠡᠪᠡ᠃ ᠤᠮᠠᠷᠠᠲᠤ ᠣᠷᠤᠨ ᠤ ᠡᠪᠦᠯ ᠤᠨ ᠤᠯᠠᠷᠢᠯ ᠳᠤ ᠳᠤᠯᠠᠭᠠᠯᠠᠬᠤ ᠳᠤ ᠪᠠᠨ ᠵᠠᠪᠠᠯ ᠦᠨᠡᠨ ᠢ ᠪᠠᠷᠢᠮᠲᠠᠯᠠᠵᠤ᠂ ᠭᠠᠵᠠᠷ ᠣᠷᠣᠨ ᠤ ᠪᠠᠢᠳᠠᠯ ᠳᠠᠭᠠᠨ ᠲᠣᠬᠢᠷᠠᠭᠤᠯᠤᠨ ᠨᠡᠭᠦᠷᠡᠰᠦ᠂ ᠴᠠᠬᠢᠯᠭᠠᠨ ᠡᠷᠴᠢᠮ ᠬᠦᠴᠢ᠂ ᠬᠡᠢ ᠶᠢ ᠵᠣᠬᠢᠴᠠᠭᠤᠯᠪᠠᠯ ᠵᠣᠬᠢᠨ᠎ᠠ ᠭᠡᠵᠦ ᠶᠡᠷᠦᠩᠬᠡᠢ ᠰᠠᠢᠳ ᠬᠡᠯᠡᠭᠰᠡᠨ ᠪᠠᠶᠢᠨ᠎ᠠ᠃ ᠲᠠᠨᠠᠷ ᠤᠨ ᠡᠨᠡ ᠮᠡᠲᠦ ᠮᠡᠷᠭᠡᠵᠢᠯ ᠤᠨ ᠥᠭᠡᠷᠡᠴᠢᠯᠡᠯᠲᠡ ᠪᠠᠷ ᠳᠠᠮᠵᠢᠨ᠂ ᠲᠤᠰ ᠭᠠᠵᠠᠷ ᠠᠴᠠ ᠮᠠᠲ᠋ᠧᠷᠢᠶᠠᠯ ᠠᠪᠴᠤ ᠣᠯᠠᠨ ᠲᠦᠮᠡᠨ ᠤ ᠬᠠᠯᠠᠭᠤᠨ ᠳᠤᠯᠠᠭᠠᠨ ᠡᠪᠦᠯᠵᠢᠬᠦ ᠶᠢ ᠪᠠᠲᠤᠯᠠᠬᠤ ᠮᠥᠷᠲᠡᠭᠡᠨ ᠪᠣᠬᠢᠷᠲᠤᠯ ᠢ ᠪᠠᠭᠠᠰᠬᠠᠨ ᠣᠷᠴᠢᠨ ᠲᠣᠭᠤᠷᠢᠨ ᠢ ᠬᠠᠮᠠᠭᠠᠯᠠᠬᠤ ᠳᠤ  ᠴᠤ᠋‌ᠠᠰᠢᠭᠲᠠᠢ᠃ ᠪᠢᠳᠡ ᠣᠯᠠᠨ ᠲᠦᠮᠡᠨ ᠳᠤ ᠠᠵᠢᠯ ᠶᠠᠪᠤᠳᠠᠯ ᠬᠢᠬᠦ ᠳᠡᠭᠡᠨ ᠡᠭᠡᠯ ᠠᠷᠠᠳ ᠤᠨ ᠪᠣᠳᠠᠲᠤ ᠪᠠᠢᠳᠠᠯ ᠢ ᠦᠨᠳᠦᠰᠦᠯᠡᠨ ᠲᠡᠳᠡᠨ ᠳᠤ ᠵᠠᠪᠠᠯ ᠲᠤᠰᠠᠲᠠᠢ᠂ ᠬᠢᠮᠳᠠ᠂ ᠬᠢᠯᠪᠠᠷ ᠳᠥᠭᠦᠮ ᠦᠵᠡᠭᠦᠯᠬᠦ ᠬᠡᠷᠡᠭᠲᠡᠢ ᠭᠡᠵᠦ ᠴᠢᠩᠭᠠᠳᠬᠠᠭᠰᠠᠨ ᠪᠠᠶᠢᠨ᠎ᠠ᠃
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠣᠯᠲᠠ ᠶᠢᠨ ᠲᠢᠩᠬᠢᠮ