2021 ᠣᠨ ᠤ ᠠᠷᠪᠠᠨ ᠲᠠᠪᠤᠳᠤᠭᠠᠷ ᠪᠦᠯᠦᠭ ᠠᠵᠤ ᠠᠬᠤᠶᠢᠯᠠᠯ ᠤᠨ ᠬᠢᠷᠢ ᠴᠢᠳᠠᠮᠵᠢ ᠶᠢ ᠬᠢᠨᠠᠨ ᠪᠠᠶᠢᠴᠠᠭᠠᠭᠰᠠᠨ ᠰᠠᠨᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠡᠶᠢᠲᠡᠯᠡᠯ
ᠨᠡᠶᠢᠲᠡᠯᠡᠭᠰᠡᠨ ᠴᠠᠭ᠄
2021/5/19
      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠵᠢᠴᠢ ᠣᠷᠣᠨ ᠰᠠᠭᠤᠴᠠ ᠪᠣᠯᠤᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠵᠤ ᠠᠬᠤᠶᠢᠯᠠᠯ ᠤᠨ ᠬᠢᠷᠢ ᠬᠡᠮ ᠤᠨ ᠬᠠᠮᠢᠶᠠᠷᠤᠯᠲᠠ ᠶᠢᠨ  ᠬᠠᠮᠢᠶ᠎ᠠ ᠪᠥᠬᠦᠢ ᠲᠣᠭᠲᠠᠭᠠᠯ ᠶᠣᠰᠣᠭᠠᠷ ᠮᠠᠨ ᠤ ᠲᠢᠩᠬᠢᠮ ᠠᠴᠠ 2021 ᠣᠨ ᠤ ᠠᠷᠪᠠᠨ ᠲᠠᠪᠤᠳᠤᠭᠠᠷ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠥᠷᠥᠯ ᠵᠦᠢᠯ ᠤᠨ ᠮᠡᠳᠡᠭᠦᠯᠦᠯᠲᠡ ᠶᠢᠨ ᠮᠠᠲ᠋ᠧᠷᠢᠶᠠᠯ ᠳᠤ ᠬᠢᠨᠠᠨ ᠪᠠᠶᠢᠴᠠᠭᠠᠯᠲᠠ ᠬᠢᠵᠦ᠂ ᠣᠲᠣ 2 ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠬᠦ ᠠᠵᠤ ᠠᠬᠤᠶᠢᠯᠠᠯ᠂ 9 ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂ 4 ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠠᠵᠤ ᠠᠬᠤᠶᠢᠯᠠᠯ᠂ 8 ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢᠨ ᠯᠠᠪᠯᠠᠯᠭ᠎ᠠ ᠥᠭᠬᠦ ᠠᠵᠤ ᠠᠬᠤᠶᠢᠯᠠᠯ᠂ 2 ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠶᠢᠴᠠᠭᠠᠨ ᠰᠢᠯᠭᠠᠬᠤ ᠪᠠᠶᠢᠭᠤᠯᠤᠮᠵᠢ᠂ 1 ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠬᠢᠨᠠᠨ ᠬᠠᠮᠢᠶᠠᠷᠤᠯᠳᠠ ᠶᠢᠨ ᠠᠵᠤ ᠠᠬᠤᠶᠢᠯᠠᠯ ᠵᠢᠴᠢ 100 ᠪᠠᠷᠢᠯᠭ᠎ᠠ ᠶᠢᠨ  ᠦᠢᠯᠡᠰ ᠤᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠢᠨᠠᠨ ᠪᠠᠶᠢᠴᠠᠭᠠᠭᠰᠠᠨ ᠰᠠᠨᠠᠯ ᠢ ᠵᠠᠷᠯᠠᠨ ᠨᠡᠶᠢᠲᠡᠯᠡᠪᠡ ︵ᠳᠠᠭᠠᠯᠳᠤᠭᠤᠯᠤᠯ ᠳᠤ ᠦᠵᠡ︶᠃ ᠬᠢᠨᠠᠨ ᠪᠠᠶᠢᠴᠠᠭᠠᠭᠰᠠᠨ ᠰᠠᠨᠠᠯ ᠢ ᠵᠠᠷᠯᠠᠨ ᠨᠡᠶᠢᠲᠡᠯᠡᠬᠦ ᠬᠤᠭᠤᠴᠠᠭ᠎ᠠ ᠨᠢ 2021 ᠣᠨ ᠤ 5  ᠳ᠋ᠤᠭᠠᠷ ᠰᠠᠷ᠎ᠠ ᠶᠢᠨ 20 ᠤ ᠡᠳᠦᠷ ᠤᠨ 17 ᠴᠠᠭ 30 ᠮᠢᠨᠦ᠋ᠲ ᠪᠤᠯᠲᠠᠯ᠎ᠠ᠂ ᠵᠠᠷᠯᠠᠨ ᠨᠡᠶᠢᠲᠡᠯᠡᠭᠰᠡᠨ ᠰᠠᠨᠠᠯ ᠳᠤ ᠣᠨᠳᠣᠤ ᠰᠠᠨᠠᠯ ᠲᠠᠢ ᠪᠤᠶᠤ ᠠᠰᠠᠭᠤᠳᠠᠯ ᠲᠠᠢ ᠪᠣᠯ ᠵᠥᠪᠲᠦᠭᠡᠨ ᠲᠣᠳᠣᠷᠬᠠᠶᠢᠯᠠᠵᠤ ᠪᠣᠯᠤᠨ᠎ᠠ᠂ ᠬᠢᠨᠠᠨ ᠪᠠᠶᠢᠴᠠᠭᠠᠭᠰᠠᠨ ᠰᠠᠨᠠᠯ ᠨᠢ ᠪᠠᠲᠤᠯᠠᠭᠳᠠᠭᠰᠠᠨ ᠥᠬᠡᠶ ᠠᠵᠤ ᠠᠬᠤᠶᠢᠯᠠᠯ  ᠨᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠢᠰᠲ᠋ᠧᠮ ᠠᠴᠠ ᠪᠣᠳᠠᠲᠠᠶ ᠰᠠᠨᠠᠯ ᠢ ᠨᠢ ᠪᠠᠶᠢᠴᠠᠭᠠᠨ ᠦᠵᠡᠵᠦ ᠪᠣᠯᠤᠨ᠎ᠠ᠃         ᠶᠠᠮᠠᠷᠪᠠ ᠬᠤᠯᠪᠣᠭᠳᠠᠯ ᠪᠥᠬᠦᠶ ᠨᠢᠭᠡᠴᠢ ᠵᠢᠴᠢ ᠬᠤᠪᠢ ᠬᠥᠮᠦᠨ᠂ ᠬᠡᠷᠪᠡ ᠠᠵᠤ ᠠᠬᠤᠶᠢᠯᠠᠯ ᠤᠨ ᠮᠡᠳᠡᠭᠦᠯᠦᠭᠰᠡᠨ ᠬᠢᠷᠢ ᠬᠡᠮ ᠤᠨ ᠪᠠᠶᠢᠳᠠᠯ ᠳᠤ ᠣᠨᠳᠣᠤ ᠰᠠᠨᠠᠯ ᠲᠠᠢ ᠪᠠᠶᠢᠪᠠᠯ᠂ ᠴᠥᠮ ᠮᠠᠨ ᠤ ᠲᠢᠩᠬᠢᠮ ᠳᠤ ᠪᠠᠶᠢᠳᠠᠯ ᠢᠶᠠᠨ ᠲᠤᠰᠬᠠᠵᠤ ᠪᠣᠯᠤᠨ᠎ᠠ᠂ ᠪᠠᠶᠢᠭᠤᠯᠭ᠎ᠠ ᠨᠢᠭᠡᠴᠢ ᠠᠴᠠ ᠪᠠᠶᠢᠳᠠᠯ ᠢᠶᠠᠨ ᠲᠤᠰᠬᠠᠬᠤ ᠳᠤ ᠠᠯᠪᠠᠨ ᠲᠠᠮᠠᠭ᠎ᠠ ᠪᠠᠶᠢᠬᠤ ᠬᠡᠷᠡᠭᠲᠡᠶ᠂ ᠬᠤᠪᠢ ᠬᠥᠮᠦᠨ ᠪᠠᠶᠢᠳᠠᠯ ᠢᠶᠠᠨ ᠲᠤᠰᠬᠠᠬᠤ ᠳᠤ ᠦᠨᠡᠨ ᠣᠪᠣᠭ ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠤᠲᠠᠰᠤ᠂ ᠬᠠᠶ᠋ᠢᠭ ᠪᠠ ᠰᠢᠤᠳᠠᠨ ᠳ᠋ᠤᠭᠠᠷ ᠢᠶᠠᠨ ᠦᠯᠡᠳᠡᠭᠡᠬᠦ ᠬᠡᠷᠡᠭᠲᠡᠶ᠃ ᠮᠠᠲ᠋ᠧᠷᠢᠶᠠᠯ ᠢ ᠰᠢᠦᠳᠠᠨ ᠢᠶᠠᠷ ᠮᠡᠳᠡᠭᠦᠯᠦᠨ ᠬᠦᠷᠭᠡᠭᠰᠡᠨ ᠠᠵᠤ ᠠᠬᠤᠶᠢᠯᠠᠯ ᠪᠤᠶᠤ ᠬᠤᠪᠢ ᠬᠥᠮᠦᠨ ᠡᠷᠬᠡᠪᠰᠢ ᠬᠠᠷᠢᠯᠴᠠᠬᠤ ᠠᠷᠭ᠎ᠠ ᠮᠠᠶ᠋ᠢᠭ ᠢᠶᠠᠨ ᠦᠯᠡᠳᠡᠭᠡᠵᠦ᠂ ᠬᠡᠷᠡᠭᠯᠡᠬᠦ ᠳᠤ ᠳᠥᠭᠦᠮ ᠪᠤᠯᠭᠠᠬᠤ ᠬᠡᠷᠡᠭᠲᠡᠶ᠃        ᠬᠠᠷᠢᠯᠴᠠᠬᠤ ᠤᠲᠠᠰᠤ᠄ 0471 — 5332426       ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 6 ᠳ᠋ᠤᠭᠠᠷ ᠨᠣᠮᠧᠷ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠣᠪᠴᠢᠶ᠎ᠠ ᠶᠢᠨ 12 ᠳ᠋ᠤᠭᠠᠷ ᠠᠰᠠᠷ ᠤᠨ 33᠂ 34᠂ 35 ᠳ᠋ᠤᠭᠠᠷ ᠴᠣᠩᠬᠤᠪᠴᠢ      ᠳᠠᠭᠠᠯᠳᠤᠭᠤᠯᠤᠯ᠄ 1᠂ ᠠᠷᠪᠠᠨ ᠲᠠᠪᠤᠳᠤᠭᠠᠷ ᠪᠦᠯᠦᠭ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠬᠢᠷᠢ ᠴᠢᠳᠠᠮᠵᠢ ᠶᠢ ᠬᠢᠨᠠᠨ ᠪᠠᠶᠢᠴᠠᠭᠠᠭᠰᠠᠨ ᠰᠠᠨᠠᠯ 2᠂ ᠠᠷᠪᠠᠨ ᠲᠠᠪᠤᠳᠤᠭᠠᠷ ᠪᠦᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ 3. ᠠᠷᠪᠠᠨ ᠲᠠᠪᠤᠳᠤᠭᠠᠷ ᠪᠦᠯᠦᠭ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠠᠵᠤ ᠠᠬᠤᠶᠢᠯᠠᠯ ᠤᠨ ᠬᠢᠷᠢ ᠴᠢᠳᠠᠮᠵᠢ ᠶᠢ ᠬᠢᠨᠠᠨ ᠪᠠᠶᠢᠴᠠᠭᠠᠭᠰᠠᠨ ᠰᠠᠨᠠᠯ 4. ᠠᠷᠪᠠᠨ ᠲᠠᠪᠤᠳᠤᠭᠠᠷ ᠪᠦᠯᠦᠭ ᠢᠨᠵᠧᠨᠧᠷᠢᠩ ᠤᠨ ᠪᠠᠶᠢᠭᠤᠯᠤᠭᠰᠠᠨ ᠦᠨ᠎ᠡ ᠶᠢᠨ ᠠᠵᠤ ᠠᠬᠤᠶᠢᠯᠠᠯ ᠤᠨ ᠬᠢᠷᠢ ᠴᠢᠳᠠᠮᠵᠢ ᠶᠢ ᠬᠢᠨᠠᠨ ᠪᠠᠶᠢᠴᠠᠭᠠᠭᠰᠠᠨ ᠰᠠᠨᠠᠯ 5. ᠠᠷᠪᠠᠨ ᠲᠠᠪᠤᠳᠤᠭᠠᠷ ᠪᠦᠯᠦᠭ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ 6. ᠠᠷᠪᠠᠨ ᠲᠠᠪᠤᠳᠤᠭᠠᠷ ᠪᠦᠯᠦᠭ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠬᠢᠨᠠᠨ ᠬᠠᠮᠢᠶᠠᠷᠤᠯᠳᠠ ᠶᠢᠨ ᠠᠵᠤ ᠠᠬᠤᠶᠢᠯᠠᠯ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ 7᠂ ᠠᠷᠪᠠᠨ ᠲᠠᠪᠤᠳᠤᠭᠠᠷ ᠪᠦᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ ᠢ ᠬᠢᠨᠠᠨ ᠪᠠᠶᠢᠴᠠᠭᠠᠭᠰᠠᠨ ᠰᠠᠨᠠᠯ
ᠢᠷᠡᠯᠲᠡ᠄ ᠥᠪᠥᠷ ᠮᠣᠩᠭᠤᠯ ᠤᠨ ᠣᠷᠣᠨ ᠰᠠᠭᠤᠴᠠ ᠪᠣᠯᠤᠨ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ