ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠵᠢᠴᠢ ᠲᠢᠩᠬᠢᠮ ᠤᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/5/8
      4 ᠳ᠋ᠤᠭᠡᠷ ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠵᠢᠴᠢ ᠲᠢᠩᠬᠢᠮ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠹᠦᠵᠢᠶᠠᠨ ᠮᠤᠵᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠳᠥᠷᠪᠡᠳᠦᠭᠡᠷ ᠤᠳᠠᠭ᠎ᠠ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠸᠠᠩ ᠶᠠᠩ ᠨᠥᠬᠦᠷ ᠤᠨ ᠥᠪᠥᠷ ᠮᠣᠩᠭᠤᠯ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠰᠢᠨᠵᠢᠯᠡᠨ ᠪᠠᠶᠢᠴᠠᠭᠠᠬᠤ ᠪᠦᠯᠬᠦᠮ ᠤᠨ ᠱᠠᠩᠬᠠᠢ ᠬᠤᠳᠠ᠂ ᠵᠢᠶᠠᠩᠰᠦ ᠮᠤᠵᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠠᠶᠢᠴᠢᠯᠠᠯᠳᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ᠂ ᠪᠦᠬᠦ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠰᠡᠷᠡᠮᠵᠢᠯᠡᠭᠦᠯᠬᠦ ᠬᠥᠮᠦᠵᠢᠯ ᠤᠨ ᠲᠧᠯᠸᠢᠰ ᠤᠲᠠᠰᠤᠲᠤ ᠬᠤᠷᠠᠯ ᠤᠨ ᠵᠣᠷᠢᠭ ᠰᠠᠨᠠᠭ᠎ᠠ ᠶᠢ ᠰᠢᠨᠵᠢᠯᠡᠨ ᠪᠠᠶᠢᠴᠠᠭᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃ ︽︿ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠰᠠᠨᠠᠯ﹀ ᠢ ᠳᠠᠷᠤᠮᠠᠯᠯᠠᠨ ᠲᠠᠷᠬᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︽ᠢᠯᠵᠠᠷᠠᠬᠤ ᠵᠣᠷᠢᠭ ᠥᠬᠡᠶ᠂ ᠢᠯᠵᠠᠷᠠᠵᠤ ᠪᠣᠯᠬᠤ ᠥᠬᠡᠶ᠂ ᠢᠯᠵᠠᠷᠠᠬᠤ ᠶᠢ ᠪᠤᠳᠤᠬᠤ ᠥᠬᠡᠶ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠢᠯᠣᠭᠤᠳᠬᠤ ᠰᠠᠨᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ ᠃ ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠲᠥᠪᠯᠡᠷᠡᠭᠦᠯᠦᠨ ᠬᠡᠷᠡᠭᠵᠢᠭᠦᠯᠬᠦ ᠲᠢᠩᠬᠢᠮ ᠤᠨ  ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠡᠷᠬᠡ ᠶᠢᠨ ᠠᠵᠢᠯ ᠤᠨ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ︿ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ﹀ ᠦᠢᠯᠡᠳᠦᠯᠭᠡ ᠶᠢᠨ ᠠᠵᠢᠯᠯᠠᠭ᠎ᠠ ᠶᠢᠨ ᠠᠵᠢᠯ ᠤᠨ ᠲᠥᠰᠦᠯ ᠬᠤᠷᠠᠯ ᠠᠴᠠ ᠲᠢᠩᠬᠢᠮ ᠤᠨ ᠰᠢᠰᠲ᠋ᠧᠮ ᠤᠨ ᠠᠵᠤ ᠠᠬᠤᠶᠢᠯᠠᠯ ᠳᠤ ᠬᠤᠯᠪᠣᠭᠳᠠᠬᠤ ᠵᠦᠢᠯᠡᠰ ᠢ ᠲᠠᠭᠯᠠᠨ ᠮᠡᠳᠡᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠹᠧᠩ ᠷᠧᠨ ᠹᠸᠢ ᠬᠤᠷᠠᠯ ᠡᠷᠭᠢᠯᠡᠪᠡ᠃
1.png
      ᠬᠤᠷᠠᠯ ᠠᠴᠠ ᠵᠢᠭᠠᠵᠤ ᠭᠠᠷᠭᠠᠭᠰᠠᠨ ᠨᠢ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢ ᠮᠠᠨ ᠤ ᠲᠢᠩᠬᠢᠮ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠨᠢᠭᠡ ᠵᠦᠢᠯ ᠤᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠪᠣᠳᠠᠲᠠᠶ ᠲᠠᠢ ᠨᠢᠭᠲᠠ ᠤᠶᠠᠯᠳᠤᠭᠤᠯᠵᠤ᠂ ᠨᠠᠷᠢᠨ ᠨᠢᠮᠪᠠᠶ ᠲᠥᠯᠥᠪᠯᠡᠨ᠂ ᠨᠢᠭᠡᠳᠦᠯᠲᠡᠶ ᠲᠥᠯᠥᠪᠯᠡᠨ ᠠᠬᠢᠭᠤᠯᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠬᠥᠭᠵᠢᠬᠦ ᠶᠢ ᠲᠠᠰᠤᠷᠠᠯᠲᠠ ᠥᠬᠡᠶ ᠳᠥᠯᠭᠢᠨ ᠠᠬᠢᠭᠤᠯᠬᠤ ᠬᠡᠷᠡᠭᠲᠡᠶ ᠭᠡᠪᠡ᠃       ᠬᠤᠷᠠᠯ ᠠᠴᠠ᠂ ᠰᠤᠷᠤᠯᠴᠠᠯᠭ᠎ᠠ ᠬᠥᠮᠦᠵᠢᠯ ᠤᠨ ᠬᠠᠷᠠᠯᠲᠠ ᠱᠠᠭᠠᠷᠳᠠᠯᠭ᠎ᠠ᠂ ᠰᠤᠷᠤᠯᠴᠠᠯᠭ᠎ᠠ ᠶᠢᠨ ᠠᠭᠤᠯᠭ᠎ᠠ᠂ ᠠᠷᠭ᠎ᠠ ᠬᠡᠯᠪᠡᠷᠢ᠂ ᠭᠤᠣᠯᠳᠠᠯᠭ᠎ᠠ ᠲᠠᠢ ᠡᠭᠦᠷᠭᠡ ᠶᠢ ᠪᠠᠲᠤ ᠡᠵᠡᠮᠳᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠬᠦ᠂ ᠰᠡᠳᠬᠢᠯ ᠵᠢᠷᠦᠬᠡᠨ ᠳᠡᠭᠡᠨ ᠬᠠᠳᠠᠩᠰᠢᠬᠤ᠂ ᠪᠣᠳᠠᠲᠠᠢ ᠳᠤ ᠣᠷᠣᠬᠤ ᠶᠢ ᠦᠨᠡᠨᠬᠦ ᠠᠬᠢᠭᠤᠯᠬᠤ ᠬᠡᠷᠡᠭᠲᠡᠢ᠃ ᠨᠢᠭᠡ ᠰᠡᠳᠬᠢᠯ ᠢᠶᠠᠷ ᠰᠤᠳᠤᠯᠤᠨ ᠤᠩᠰᠢᠵᠤ᠂ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠲᠡᠦᠬᠡ ᠰᠤᠷᠴᠤ ᠶᠣᠰᠣ ᠤᠴᠢᠷ ᠢ ᠣᠶᠢᠯᠠᠭᠠᠬᠤ᠂ ᠲᠡᠦᠬᠡ ᠰᠤᠷᠴᠤ ᠢᠲᠡᠭᠡᠯᠴᠡᠭᠡ ᠪᠠᠨ ᠨᠡᠮᠡᠭᠳᠡᠭᠦᠯᠬᠦ᠂ ᠲᠡᠦᠬᠡ ᠰᠤᠷᠴᠤ ᠶᠣᠰᠣ ᠰᠤᠷᠲᠠᠬᠤᠨ ᠢ ᠡᠷᠬᠢᠮᠯᠡᠬᠦ᠂ ᠲᠡᠦᠬᠡ ᠰᠤᠷᠴᠤ ᠦᠢᠯᠡᠳᠦᠯᠭᠡᠵᠢᠭᠦᠯᠬᠦ ᠶᠢ ᠦᠨᠡᠨᠬᠦ ᠪᠡᠶᠡᠯᠡᠭᠦᠯᠵᠦ᠂ ᠨᠠᠮ ᠤᠨ ᠶᠡᠷᠦ ᠪᠤᠰᠤ ᠶᠢᠨ ᠲᠡᠦᠬᠡᠨ ᠶᠠᠪᠤᠴᠠ ᠠᠴᠠ ᠦᠵᠡᠯ ᠰᠠᠨᠠᠭᠠᠨ ᠤ ᠠᠤᠭ᠎ᠠ ᠬᠦᠴᠦᠨ ᠢ ᠦᠨᠡᠨᠬᠦ ᠤᠢᠢᠯᠠᠭᠠᠨ ᠂ ᠤᠶᠤᠨ ᠤᠬᠠᠭᠠᠨ ᠪᠠ ᠬᠦᠴᠦᠨ ᠴᠢᠳᠠᠯ ᠢ ᠰᠢᠩᠭᠡᠭᠡᠨ ᠠᠪᠴᠤ᠂ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠴᠤ᠂ ᠠᠵᠢᠯ ᠢᠶᠠᠨ ᠠᠬᠢᠭᠤᠯᠬᠤ ᠬᠡᠷᠡᠭᠲᠡᠢ᠃ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ︽ᠲᠠᠪᠤᠨ ᠬᠦᠴᠦᠯᠡᠬᠦ︾ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠦᠷᠪᠡᠨ ᠵᠦᠢᠯ ᠤᠨ ᠠᠵᠢᠯᠯᠠᠭ᠎ᠠ︾ ᠶᠢ ᠦᠨᠡᠨ ᠬᠦ ᠠᠬᠢᠭᠤᠯᠵᠤ ᠂ ᠤᠯᠠᠨ ᠲᠦᠮᠡᠨ ᠤ ᠰᠡᠳᠬᠢᠯ ᠵᠣᠪᠠᠭ᠋ᠤ ᠶᠠᠪᠤᠳᠠᠯ᠂ ᠰᠠᠨᠠᠭ᠎ᠠ ᠵᠤᠪᠠᠭ᠋ᠤ ᠶᠠᠪᠤᠳᠠᠯ᠂ ᠵᠢᠷᠦᠬᠡ ᠰᠢᠮᠰᠢᠷᠡᠬᠦ ᠶᠠᠪᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
W020210428702717049833.png
      ᠬᠤᠷᠠᠯ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡᠬᠦ ᠭᠤᠣᠯ ᠰᠢᠵᠢᠮ ᠢ ᠪᠠᠲᠤ ᠡᠵᠡᠮᠳᠡᠵᠦ᠂ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠠᠵᠢᠯ ᠤᠨ ᠲᠤᠬᠠᠢ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠣᠷᠣᠨ ᠰᠠᠭᠤᠴᠠ ᠪᠠ ᠪᠦᠳᠦᠭᠡᠨ ᠪᠠᠶᠢᠭᠤᠯᠤᠯᠲᠠ ᠶᠢᠨ ᠬᠦᠷᠢᠶᠡᠨ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠦᠨᠳᠦᠰᠦᠲᠡᠨ ᠱᠠᠰᠢᠨ ᠰᠤᠷᠲᠠᠬᠤᠨ ᠤ ᠠᠵᠢᠯ ᠳᠤ ᠬᠤᠯᠪᠣᠭᠳᠠᠬᠤ ᠤᠯᠤᠰ ᠲᠦᠷᠦ ᠶᠢᠨ ᠬᠤᠷᠴᠠ ᠰᠡᠷᠭᠡᠭ ᠴᠢᠨᠠᠷ ᠪᠠ ᠤᠯᠤᠰ ᠲᠦᠷᠦ ᠶᠢᠨ ᠢᠯᠭᠠᠨ ᠲᠠᠨᠢᠬᠤ ᠴᠢᠳᠠᠪᠤᠷᠢ ᠶᠢ ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠢ ᠨᠥᠯᠥᠭᠡᠯᠡᠬᠦ ᠠᠯᠢᠪᠠ ᠴᠤᠬᠤᠶᠢᠯᠲᠠ ᠶᠢᠨ ᠴᠢᠨᠠᠷᠲᠠᠶ ᠠᠰᠠᠭᠤᠳᠠᠯ ᠢ ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠤᠯᠤᠰ ᠲᠦᠷᠦ ᠪᠠ ᠶᠡᠭᠡ ᠲᠠᠯ᠎ᠠ ᠠᠴᠠ ᠡᠵᠡᠮᠳᠡᠬᠦ ᠶᠢ ᠪᠠᠷᠢᠮᠲᠠᠯᠠᠵᠤ᠂ ᠲᠦᠷᠦ ᠶᠢᠨ ᠪᠤᠳᠤᠯᠭ᠎ᠠ ᠶᠢ ᠲᠠᠶᠢᠯᠪᠤᠷᠢᠯᠠᠬᠤ᠂ ᠤᠬᠠᠭᠤᠯᠤᠨ ᠵᠢᠯᠣᠭᠤᠳᠬᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠵᠡᠷᠭᠡ ᠠᠵᠢᠯ ᠢ ᠰᠠᠶᠢᠲᠤᠷ ᠬᠢᠵᠦ᠂ ᠶᠠᠮᠠᠷ ᠴᠤ ᠠᠰᠠᠭᠤᠳᠠᠯ ᠭᠠᠷᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠶᠢ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠲᠠᠢ ᠨᠢᠭᠡ ᠴᠤᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠵᠦᠷᠢᠶ᠎ᠡ ᠪᠠᠨ ᠡᠷᠢᠵᠦ᠂ ᠲᠤᠷᠰᠢᠯᠭ᠎ᠠ ᠪᠠᠨ ᠳ᠋ᠦᠩᠨᠡᠵᠦ᠂ ᠰᠤᠷᠭᠠᠮᠵᠢ ᠠᠪᠴᠤ᠂ ᠠᠵᠢᠯ ᠢᠶᠠᠨ ᠰᠠᠶᠢᠵᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃       ᠬᠤᠷᠠᠯ ᠠᠴᠠ ᠱᠠᠭᠠᠷᠳᠠᠭᠰᠠᠨ ᠨᠢ᠂ ᠡᠯ᠎ᠡ ᠵᠦᠢᠯ ᠤᠨ ᠠᠵᠢᠯ ᠤᠨ ᠬᠠᠷᠠᠯᠲᠠ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠨᠠᠩ ᠶᠡᠭᠡ ᠡᠷᠴᠢᠮ ᠢᠶᠠᠷ ᠢᠯᠵᠠᠷᠠᠬᠤ ᠵᠣᠷᠢᠭ ᠥᠬᠡᠶ᠂ ᠢᠯᠵᠠᠷᠠᠵᠤ ᠴᠢᠳᠠᠬᠤ ᠥᠬᠡᠶ᠂ ᠢᠯᠵᠠᠷᠠᠬᠤ ᠶᠢ ᠪᠤᠳᠤᠬᠤ ᠥᠬᠡᠶ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠬᠤ ᠬᠡᠷᠡᠭᠲᠡᠶ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠲᠤᠬᠠᠶᠢᠯᠠᠭᠰᠠᠨ ᠠᠵᠢᠯ ᠲᠠᠢ ᠵᠡᠷᠭᠡ ᠪᠠᠷ ᠪᠠᠶᠢᠷᠢᠯᠠᠭᠤᠯᠬᠤ᠂ ᠵᠡᠷᠭᠡ ᠪᠠᠷ ᠪᠠᠶᠢᠴᠠᠭᠠᠬᠤ᠂ ᠵᠡᠷᠭᠡ ᠪᠠᠷ ᠨᠠᠶᠢᠳᠠᠪᠤᠷᠢᠵᠢᠭᠤᠯᠬᠤ᠂ ᠵᠡᠷᠭᠡ ᠪᠠᠷ ᠬᠢᠨᠠᠨ ᠰᠢᠯᠭᠠᠬᠤ ᠶᠢ ᠪᠠᠷᠢᠮᠲᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠴᠥᠬᠦᠷᠡᠰᠢ ᠦᠭᠡᠢ ᠭᠦᠨᠵᠡᠭᠡᠶᠢᠷᠡᠭᠦᠯᠵᠦ᠂ ᠡᠨᠡ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ ᠲᠥᠪ ᠭᠤᠣᠯᠴᠢ ᠠᠷᠢᠭᠤᠨ ᠴᠢᠬᠡᠴᠢ ᠪᠠᠶᠢᠬᠤ ᠦᠵᠡᠯ ᠰᠠᠨᠠᠭᠠᠨ ᠤ ᠰᠠᠭᠤᠷᠢ ᠶᠢ ᠪᠠᠲᠤ ᠪᠠᠬᠢ ᠪᠠᠶᠢᠭᠤᠯᠵᠤ᠂ ᠰᠡᠷᠡᠮᠵᠢᠯᠡᠭᠦᠯᠬᠦ ᠬᠥᠮᠦᠵᠢᠯ ᠢ ᠪᠠᠶᠢᠩᠭᠤᠵᠢᠭᠤᠯᠬᠤ ᠶᠢ ᠪᠠᠷᠢᠮᠲᠠᠯᠠᠵᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ᠂ ᠬᠡᠷᠡᠭ ᠢᠶᠠᠷ ᠵᠠᠰᠠᠬᠤ ᠶᠢ ᠠᠬᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠬᠤᠷᠢᠭ᠎ᠠ ᠱᠤᠭᠤᠮ ᠢ ᠲᠣᠳᠣᠷᠬᠠᠢ ᠪᠣᠯᠭᠠᠬᠤ᠂ ᠪᠢᠰᠢᠷᠡᠨ ᠵᠢᠷᠦᠬᠡᠰᠢᠶᠡᠬᠦ ᠶᠢ ᠮᠡᠳᠡᠬᠦ᠂ ᠰᠡᠷᠡᠮᠵᠢᠯᠡᠨ ᠡᠮᠢᠶᠡᠬᠦ᠂ ᠰᠠᠬᠢᠯᠭ᠎ᠠ ᠪᠠᠲᠤ ᠶᠢ ᠰᠠᠬᠢᠬᠤ ᠶᠢ ᠬᠥᠮᠦᠵᠢᠭᠦᠯᠦᠨ ᠬᠦᠳᠦᠯᠦᠨ ᠵᠢᠯᠣᠭᠤᠳᠬᠤ ᠬᠡᠷᠡᠭᠲᠡᠢ᠃ ᠲᠦᠷᠢᠮ ᠢᠶᠠᠷ ᠡᠷᠬᠡ ᠶᠢ ᠬᠠᠮᠢᠶᠠᠷᠬᠤ᠂ ᠲᠦᠷᠢᠮ ᠶᠣᠰᠣᠭᠠᠷ ᠠᠵᠢᠯᠯᠠᠬᠤ᠂ ᠲᠦᠷᠢᠮ ᠢᠶᠠᠷ ᠬᠥᠮᠦᠨ ᠢ ᠬᠠᠮᠢᠶᠠᠷᠬᠤ ᠶᠢ ᠪᠠᠷᠢᠮᠲᠠᠯᠠᠵᠤ᠂ ᠡᠷᠬᠡ ᠶᠢᠨ ᠠᠵᠢᠯᠯᠠᠭᠠᠨ ᠢ ᠳᠦᠷᠢᠮᠵᠢᠭᠦᠯᠬᠦ᠂ ᠵᠢᠷᠤᠮᠵᠢᠭᠤᠯᠬᠤ᠂ ᠳᠡᠰ ᠳᠠᠷᠠᠭᠠᠵᠢᠭᠤᠯᠬᠤ ᠶᠢ ᠲᠦᠯᠬᠢᠨ ᠠᠬᠢᠭᠤᠯᠵᠤ᠂ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠪᠡᠯᠡ ᠮᠥᠩᠭᠦ ᠶᠢ ᠬᠡᠷᠡᠭᠯᠡᠬᠦ᠂ ᠬᠥᠮᠦᠨ ᠰᠣᠩᠭᠤᠵᠤ ᠬᠥᠮᠦᠨ ᠬᠡᠷᠡᠭᠯᠡᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠬᠠᠨᠳᠤᠯᠭᠠᠲᠤ ᠴᠢᠨᠠᠷ ᠲᠠᠢ ᠪᠠᠷ ᠲᠦᠷᠢᠮ ᠤᠨ ᠳᠤᠲᠠᠭᠤᠳᠠᠯ ᠢ ᠨᠥᠬᠦᠪᠥᠷᠢᠯᠡᠵᠦ᠂ ᠢᠯᠵᠠᠷᠠᠯ ᠤᠨ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠬᠦ ᠬᠡᠷᠡᠭᠲᠡᠶ᠃ ︽ᠲᠦᠷᠪᠡᠨ ᠰᠤᠷᠲᠠᠯ︾ ᠢ ᠥᠴᠦᠬᠡᠨ ᠴᠦ ᠰᠤᠯᠠᠷᠠᠭᠤᠯᠤᠯ ᠦᠭᠡᠢ ᠪᠠᠷ ᠵᠠᠯᠠᠷᠠᠭᠤᠯᠤᠨ ᠵᠠᠰᠠᠵᠤ᠂ ᠣᠷᠣᠨ ᠰᠠᠭᠤᠴᠠ ᠪᠠ ᠪᠦᠳᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠠᠷ ᠠᠵᠠ ᠲᠣᠬᠢᠶᠠᠯ ᠪᠣᠯᠭᠠᠵᠤ᠂ ᠨᠢᠭᠡ ᠠᠴᠠ ᠪᠥᠭᠦᠭᠡ ᠶᠢ ᠵᠦᠢᠴᠢᠯᠡᠨ ᠰᠤᠷᠲᠠᠯ ᠤᠨ ᠠᠷᠬᠠᠭ ᠭᠡᠮ ᠢ ᠵᠠᠯᠠᠷᠠᠭᠤᠯᠤᠨ ᠵᠠᠰᠠᠵᠤ᠂ ᠰᠤᠷᠲᠠᠯ ᠤᠨ ᠪᠠᠶᠢᠭᠤᠯᠤᠯᠲᠠ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠬᠦ ᠬᠡᠷᠡᠭᠲᠡᠢ᠃ ᠤᠯᠠᠨ ᠲᠦᠮᠡᠨ ᠤ ᠳᠡᠷᠭᠡᠳᠡᠬᠢ ᠢᠯᠵᠢᠷᠡᠯ ᠪᠠ ᠰᠤᠷᠲᠠᠯ ᠤᠨ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠣᠷᠣᠨ ᠰᠠᠭᠤᠴᠠ᠂ ᠤᠰᠤ ᠬᠠᠩᠭᠠᠬᠤ᠂ ᠢᠯᠴᠢ ᠬᠠᠩᠭᠠᠬᠤ᠂ ᠠᠳᠠᠯ ᠠᠬᠤᠢ ᠶᠢᠨ ᠦᠢᠯᠡᠴᠢᠯᠡᠭᠡ᠂ ᠪᠣᠬᠢᠷ ᠤᠰᠤ ᠬᠤᠭ ᠨᠣᠪᠰᠢ ᠶᠢ ᠰᠢᠢᠳᠪᠦᠷᠢᠯᠡᠬᠦ ᠵᠡᠷᠭᠡ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠢ ᠬᠦᠴᠦᠯᠡᠨ ᠰᠠᠶᠢᠲᠤᠷ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠢ ᠭᠡᠵᠡᠢ᠃
3.png
      ᠬᠤᠷᠠᠯ ᠠᠴᠠ ᠵᠢᠭᠠᠵᠤ ᠭᠠᠷᠭᠠᠭᠰᠠᠨ ᠨᠢ᠂ ᠱᠠᠩᠬᠠᠶ᠂ ᠵᠢᠶᠠᠩᠰᠦ ᠵᠡᠷᠭᠡ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠪᠠ ᠠᠷᠭ᠎ᠠ ᠬᠢᠳᠡᠯ ᠲᠠᠢ ᠬᠠᠷᠢᠴᠠᠭᠤᠯᠵᠤ ᠂ ᠡᠭᠦᠳᠦᠨ ᠪᠦᠲᠦᠭᠡᠬᠦ ᠤᠬᠠᠮᠰᠠᠷ ᠢᠶᠠᠨ ᠨᠡᠮᠡᠭᠳᠡᠭᠦᠯᠦᠨ᠂ ᠬᠤᠲᠠᠴᠢᠯᠠᠯᠲᠠ ᠶᠢᠨ ᠪᠠᠶᠢᠯᠳᠤᠬᠤ ᠪᠤᠳᠤᠯᠭ᠎ᠠ ᠶᠢ ᠲᠡᠭᠦᠯᠳᠡᠷᠵᠢᠭᠦᠯᠵᠦ᠂ ︽ᠬᠤᠳᠠ ᠪᠣᠯ ᠠᠮᠢ ᠨᠠᠰᠤ᠂ ᠣᠷᠭᠠᠨᠢᠭ ᠴᠣᠭᠴᠠ ᠮᠥᠨ︾ ᠭᠡᠬᠦ ᠪᠦᠬᠦ ᠲᠠᠯ᠎ᠠ ᠠᠴᠠ ᠡᠭᠦᠰᠦᠨ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠬᠤᠳᠠ ᠶᠢᠨ ᠬᠥᠭᠵᠢᠯᠲᠡ ᠶᠢᠨ ᠰᠠᠭᠤᠷᠢ ᠬᠠᠷᠠᠯᠲᠠ ᠪᠣᠯᠭᠠᠵᠤ᠂ ᠬᠥᠮᠦᠨ ᠢᠶᠠᠷ ᠭᠤᠣᠯ ᠪᠣᠯᠭᠠᠭᠰᠠᠨ ᠬᠤᠳᠠ ᠪᠠᠯᠭᠠᠰᠤᠵᠢᠯᠳᠠ ᠶᠢ ᠨᠡᠩ ᠰᠠᠶᠢᠲᠤᠷ ᠲᠦᠯᠬᠢᠨ ᠠᠬᠢᠭᠤᠯᠵᠤ᠂ ᠠᠷᠠᠳ ᠤᠯᠠᠨ ᠢ ᠬᠤᠳᠠ ᠳᠤ ᠠᠮᠢᠳᠤᠷᠠᠭᠤᠯᠬᠤ ᠳᠤ ᠨᠡᠩ ᠲᠦᠭᠦᠮ᠂ ᠨᠡᠩ ᠲᠠᠭᠠᠯᠠᠮᠵᠢᠲᠠᠶ᠂ ᠨᠡᠩ ᠰᠠᠶᠢᠨ ᠰᠠᠶᠢᠬᠠᠨ ᠪᠣᠯᠭᠠᠨ᠎ᠠ᠃ ︽ᠰᠢᠨ᠎ᠡ ᠬᠤᠲᠠ ᠶᠢᠨ ᠪᠥᠲᠥᠭᠡᠨ ᠪᠠᠶᠢᠭᠤᠯᠤᠯᠲᠠ︾ ᠶᠢᠨ ᠡᠯ᠎ᠡ ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠦᠨᠡᠨ ᠬᠦ ᠰᠠᠶᠢᠲᠤᠷ ᠠᠳᠬᠤᠵᠤ᠂ CIM ᠲᠠᠪᠴᠠᠩ ᠤᠨ ᠪᠥᠲᠥᠭᠡᠨ ᠪᠠᠶᠢᠭᠤᠯᠤᠯᠲᠠ ᠶᠢᠨ ᠲᠤᠷᠰᠢᠯᠲᠠ᠂ ᠣᠶᠤᠨᠴᠢ ᠪᠥᠲᠥᠭᠡᠨ ᠪᠠᠶᠢᠭᠤᠯᠤᠯᠲᠠ ᠬᠢᠭᠡᠳ ᠪᠠᠷᠢᠯᠭ᠎ᠠ ᠶᠢᠨ ᠠᠵᠤ ᠦᠢᠯᠡᠳᠪᠦᠷᠢᠵᠢᠯᠡᠯᠳᠡ ᠶᠢ ᠵᠣᠬᠢᠴᠠᠯᠳᠤᠭᠤᠯᠤᠨ ᠬᠥᠭᠵᠢᠭᠦᠯᠬᠦ ᠵᠡᠷᠭᠡ ᠲᠠᠯ᠎ᠠ ᠶᠢᠨ ᠠᠵᠢᠯ ᠢ ᠯᠠᠪᠳᠠᠭᠤᠨ ᠢᠶᠠᠷ ᠳᠥᠯᠭᠢᠨ ᠠᠬᠢᠭᠤᠯᠵᠤ᠂ ︽ᠰᠢᠨ᠎ᠡ ᠬᠤᠲᠠ ᠶᠢᠨ ᠪᠥᠲᠥᠭᠡᠨ ᠪᠠᠶᠢᠭᠤᠯᠤᠯᠲᠠ︾ ᠪᠠᠷ ︽ᠰᠢᠨ᠎ᠡ ᠦᠨᠳᠦᠰᠦᠨ ᠪᠥᠲᠥᠭᠡᠨ ᠪᠠᠶᠢᠭᠤᠯᠤᠯᠲᠠ︾ ᠶᠢ ᠵᠣᠯᠭᠠᠭᠤᠯᠵᠤ᠂ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ ︽ᠰᠢᠨ᠎ᠡ ᠬᠥᠭᠵᠢᠯᠲᠡ︾ ᠤᠯᠬᠤ ᠶᠢ ᠳᠥᠯᠭᠢᠨ ᠠᠬᠢᠭᠤᠯᠬᠤ ᠬᠡᠷᠡᠭᠲᠡᠶ᠃ ᠬᠤᠳᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠬᠦ ᠲᠠᠯ᠎ᠠ ᠪᠠᠷ ᠪᠣᠳᠠᠲᠤ ᠦᠷ᠎ᠡ ᠪᠦᠲᠦᠮᠵᠢ ᠭᠠᠷᠭᠠᠵᠤ᠂ ᠬᠤᠳᠠ ᠶᠢᠨ ᠴᠢᠳᠠᠮᠵᠢ ᠪᠣᠯᠤᠨ ᠶᠠᠰᠤ ᠴᠢᠨᠠᠷ ᠤᠨ ᠳᠡᠭᠡᠭᠰᠢᠯᠡᠯᠲᠡ ᠶᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ᠃ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠵᠦ᠂ ᠪᠠᠶᠢᠭᠤᠯᠤᠮᠵᠢ ᠲᠣᠭᠲᠠᠴᠠ ᠶᠢ ᠰᠢᠯᠤᠭᠤᠳᠬᠠᠬᠤ᠂ ᠪᠠᠷᠢᠮᠵᠢᠶ᠎ᠠ ᠶᠢᠨ ᠰᠢᠰᠲ᠋ᠧᠮ ᠢ ᠪᠦᠷᠢᠨᠰᠢᠬᠦᠯᠬᠦ᠂ ᠬᠠᠤᠯᠢ ᠶᠣᠰᠣᠭᠠᠷ ᠬᠠᠮᠢᠶᠠᠷᠬᠤ ᠶᠢ ᠴᠢᠩᠳᠠᠯᠠᠬᠤ᠂ ᠲᠣᠣᠷᠵᠢᠭᠤᠯᠤᠭᠰᠠᠨ ᠬᠠᠮᠢᠶᠠᠷᠤᠯᠲᠠ ᠶᠢ ᠲᠡᠭᠦᠯᠳᠡᠷᠵᠢᠭᠦᠯᠬᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠬᠢᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠬᠤᠳᠠ ᠶᠢᠨ ᠬᠠᠮᠢᠶᠠᠷᠤᠯᠲᠠ ᠶᠢᠨ ᠲᠦᠪᠰᠢᠨ ᠢ ᠲᠠᠬᠢᠨ ᠳᠡᠭᠡᠭᠰᠢᠯᠡᠭᠦᠯᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ︽ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠣᠭᠠᠴᠢᠯᠠᠭᠰᠠᠨ ᠬᠡᠷᠡᠭᠯᠡᠭᠡᠨ ᠤ ᠲᠠᠪᠴᠠᠩ︾ ᠤᠨ ᠪᠦᠲᠦᠭᠡᠨ ᠪᠠᠶᠢᠭᠤᠯᠤᠯᠲᠠ ᠪᠠᠷ ᠠᠴᠢᠶᠠᠯᠠᠪᠤᠷᠢ ᠪᠣᠯᠭᠠᠵᠤ᠂ ᠲᠣᠮᠣ ᠳ᠋ᠠᠶᠢᠲ᠋ᠠ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠡᠭᠦᠯᠡᠨ ᠪᠤᠳᠤᠯᠲᠠ ᠵᠡᠷᠭᠡ ᠣᠲᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠬᠢᠭᠡᠳ ᠬᠤᠲᠠ ᠶᠢᠨ ᠬᠠᠮᠢᠶᠠᠷᠤᠯᠲᠠ ᠶᠢᠨ ᠦᠢᠯᠡᠳᠦᠯᠭᠡ ᠶᠢᠨ ᠭᠦᠢᠴᠡᠳ ᠠᠭᠤᠰᠤᠯᠴᠠᠬᠤ ᠶᠢ ᠠᠬᠢᠭᠤᠯᠵᠤ᠂ ︽ᠬᠤᠲᠠ ᠶᠢᠨ ᠶᠡᠭᠡ ᠲᠠᠷᠢᠬᠢ︾ ᠶᠢ ᠪᠠᠶᠢᠭᠤᠯᠤᠨ᠂ ᠬᠤᠲᠠ ᠶᠢᠨ ᠬᠠᠮᠢᠶᠠᠷᠤᠯᠲᠠ ᠶᠢᠨ ︽ᠮᠡᠳᠡᠷᠡᠯ ᠤᠨ ᠨᠢᠭᠡᠴᠢ ᠶᠢᠨ ᠰᠢᠰᠲ᠋ᠧᠮ︾ ᠢ ᠢᠳᠡᠪᠬᠢᠲᠡᠶ ᠪᠠᠶᠢᠷᠢᠰᠢᠭᠤᠯᠵᠤ᠂ ᠬᠤᠲᠠ ᠶᠢᠨ ᠬᠠᠮᠢᠶᠠᠷᠤᠯᠲᠠ ᠶᠢᠨ ᠡᠯ᠎ᠡ ᠬᠦᠷᠢᠶ᠎ᠡ ᠴᠠᠷᠠᠭ᠎ᠠ᠂ ᠡᠯ᠎ᠡ ᠲᠠᠰ ᠳᠠᠪᠬᠤᠷᠭ᠎ᠠ ᠶᠢ ᠬᠠᠮᠤᠷᠤᠭᠰᠠᠨ ᠶᠡᠷᠦᠩᠬᠡᠶᠢᠯᠡᠭᠰᠡᠨ ᠴᠢᠨᠠᠷᠲᠠᠶ ᠮᠡᠳᠡᠭᠡ ᠵᠠᠩᠭᠢ ᠶᠢᠨ ᠲᠠᠪᠴᠠᠩ ᠢ ᠪᠣᠶ ᠪᠣᠯᠭᠠᠵᠤ᠂ ᠣᠶᠤᠨᠴᠢ ᠪᠠᠷ ᠢᠯᠡᠷᠡᠭᠦᠯᠬᠦ᠂ ᠠᠦ᠋ᠲ᠋ᠣ᠋ ᠵᠠᠷᠯᠢᠭᠳᠠᠬᠤ᠂ ᠲᠦᠷᠭᠡᠨ ᠰᠢᠢᠳᠪᠦᠷᠢᠯᠡᠬᠦ᠂ ᠴᠠᠭ ᠲᠤᠬᠠᠶ ᠳᠤᠨᠢ ᠬᠠᠷᠢᠭᠤ ᠲᠤᠰᠬᠠᠬᠤ ᠪᠥᠬᠦ ᠶᠠᠪᠤᠴᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠪᠡᠶᠡᠯᠡᠭᠦᠯᠬᠦ ᠶᠢ ᠠᠬᠢᠭᠤᠯᠤᠨ᠎ᠠ ᠭᠡᠪᠡ᠃
4.png
      ᠬᠤᠷᠠᠯ ᠠᠴᠠ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ  ᠤᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠲᠠᠯ᠎ᠠ ᠪᠠᠷ᠂ ︽ᠣᠯᠠᠨ ᠲᠥᠯᠥᠪᠵᠢᠭᠦᠯᠭᠡ ᠶᠢ ᠨᠡᠶᠢᠯᠡᠭᠦᠯᠦᠨ ᠨᠢᠭᠡ ᠪᠣᠯᠭᠠᠬᠤ︾ ᠲᠤᠬᠠᠶᠢᠯᠠᠭᠰᠠᠨ ᠠᠵᠢᠯ ᠤᠨ ᠬᠠᠮᠵᠢᠯᠴᠠᠬᠤ ᠲᠠᠪᠴᠠᠩ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠨᠥᠭᠡᠴᠡᠯᠡᠬᠦ ᠬᠥᠮᠥᠷᠭᠡ ᠪᠠ ᠬᠡᠷᠡᠭᠵᠢᠭᠦᠯᠬᠦ ᠬᠥᠮᠥᠷᠭᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠲᠥᠷᠥᠯ ᠵᠦᠢᠯ ᠤᠨ ᠬᠢᠨᠠᠨ ᠵᠥᠪᠰᠢᠶᠡᠷᠡᠬᠦ ᠴᠠᠭ ᠢ ᠪᠣᠭᠤᠨᠢᠰᠬᠠᠵᠤ᠂ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠬᠦ ᠬᠡᠷᠡᠭᠲᠡᠶ᠃ ᠬᠢᠨᠠᠨ ᠵᠥᠪᠰᠢᠶᠡᠷᠡᠬᠦ ᠵᠦᠢᠯᠡᠰ ᠤᠨ ᠪᠦᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠲᠦᠯᠬᠢᠨ ᠠᠬᠢᠭᠤᠯᠵᠤ᠂ ᠬᠢᠨᠠᠨ ᠵᠥᠪᠰᠢᠶᠡᠷᠡᠯ ᠢ ᠴᠣᠮᠬᠠᠳᠬᠠᠨ ᠰᠢᠯᠢᠳᠡᠭᠵᠢᠭᠦᠯᠵᠦ᠂ ᠵᠢᠯ ᠤᠨ ᠡᠴᠦᠰ ᠠᠴᠠ ᠡᠮᠦᠨ᠎ᠡ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠪᠠ ᠬᠤᠳᠠ ᠶᠢᠨ ᠶᠠᠪᠤᠳᠠᠯ ᠤᠨ ᠢᠨᠵᠧᠨᠧᠷᠢᠩ ᠢ ︽ᠨᠢᠭᠡ ᠯᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ︾ ᠶᠢ ᠦᠨᠳᠦᠰᠦᠨ ᠳᠡᠭᠡᠨ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠶ᠃ ᠪᠥᠬᠦ ᠶᠠᠪᠤᠴᠠ ᠶᠢᠨ ᠰᠦᠢᠳᠭᠡᠯ ᠬᠤᠷᠢᠶᠠᠬᠤ ᠥᠬᠡᠶ ᠪᠠᠷ ᠣᠷᠣᠯᠠᠨ ᠭᠦᠢᠴᠡᠳᠭᠡᠬᠦ ᠬᠠᠪᠰᠤᠷᠤᠨ ᠭᠦᠢᠴᠡᠳᠭᠡᠬᠦ ᠦᠢᠯᠡᠴᠢᠯᠡᠭᠡ ᠶᠢ ᠪᠥᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠶ᠂ ︽ᠲᠣᠳᠣᠷᠬᠠᠶ ᠬᠠᠭᠤᠳᠠᠰᠤ ᠶᠢᠨ ᠲᠦᠷᠢᠮ + ᠬᠡᠯᠡᠵᠦ ᠠᠮᠠᠯᠠᠭᠤᠯᠬᠤ ᠲᠦᠷᠢᠮ︾ ᠤᠨ ᠥᠭᠡᠷᠡᠴᠢᠯᠡᠯᠲᠡ ᠶᠢ ᠲᠦᠯᠬᠢᠨ‌ᠠᠬᠢᠭᠤᠯᠬᠤ ᠬᠡᠷᠡᠭᠲᠡᠢ᠃ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ ᠲᠠᠯ᠎ᠠ ᠪᠠᠷ᠂ ᠬᠡᠷ ᠪᠠᠶᠢᠰᠢᠩ ᠤᠨ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠪᠠᠷᠢᠯᠭ᠎ᠠ ᠶᠢᠨ ᠵᠢᠷᠤᠭ ᠢ ᠴᠢᠯᠥᠭᠡᠲᠡᠶ ᠲᠠᠯᠪᠢᠵᠤ ᠬᠢᠨᠠᠨ ᠪᠠᠶᠢᠴᠠᠭᠠᠬᠤ ᠵᠠᠬ᠎ᠠ ᠳᠡᠯᠭᠡᠭᠦᠷ ᠤᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠪᠠᠷᠢᠯᠭ᠎ᠠ ᠶᠢᠨ ᠵᠢᠷᠤᠭ ᠢ ᠲᠣᠭᠠᠴᠢᠯᠠᠨ ᠬᠢᠨᠠᠨ ᠪᠠᠶᠢᠴᠠᠭᠠᠬᠤ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ ᠶᠠᠪᠤᠴᠠ ᠶᠢ ᠤᠯᠠᠮ ᠨᠢᠭᠡ ᠠᠯᠬᠤᠮ ᠳᠥᠭᠦᠮᠴᠢᠯᠡᠵᠦ᠂ ᠬᠢᠨᠠᠨ ᠪᠠᠶᠢᠴᠠᠭᠠᠬᠤ ᠴᠠᠭ ᠤᠨ ᠬᠢᠵᠠᠭᠠᠷ ᠢ ᠪᠣᠭᠤᠨᠢᠰᠬᠠᠬᠤ ᠬᠡᠷᠡᠭᠲᠡᠶ᠃ ᠪᠠᠷᠢᠯᠭ᠎ᠠ ᠪᠠᠷᠢᠬᠤ ᠵᠥᠪᠰᠢᠶᠡᠷᠡᠯ ᠢ ᠭᠦᠢᠴᠡᠳᠬᠡᠬᠦ ᠲᠠᠯ᠎ᠠ ᠪᠠᠷ᠂ ᠪᠠᠷᠢᠯᠭ᠎ᠠ ᠪᠠᠷᠢᠬᠤ ᠵᠥᠪᠰᠢᠶᠡᠷᠡᠯ ᠤᠨ ᠤᠷᠢᠳᠠᠴᠢ ᠨᠥᠬᠦᠴᠡᠯ ᠢ ᠪᠥᠬᠦ ᠲᠠᠯ᠎ᠠ ᠪᠠᠷ ᠢᠯᠭᠠᠷᠠᠭᠤᠯᠬᠤ ᠪᠠ ᠵᠢᠷᠤᠮᠵᠢᠭᠤᠯᠵᠤ᠂ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠡᠶᠢᠴᠡᠬᠦ ᠥᠭᠡᠢ ᠨᠥᠬᠦᠴᠡᠯ ᠪᠣᠯᠤᠨ ᠱᠠᠭᠠᠷᠳᠠᠯᠭ᠎ᠠ ᠶᠢ ᠴᠥᠮ ᠬᠦᠴᠦᠨ ᠥᠭᠡᠢ ᠪᠣᠯᠭᠠᠵᠤ᠂ ᠪᠠᠷᠢᠯᠭ᠎ᠠ ᠪᠠᠷᠢᠬᠤ ᠵᠥᠪᠰᠢᠶᠡᠷᠡᠯ ᠤᠨ ᠨᠥᠬᠦᠴᠡᠯ ᠢ ︽ᠵᠠᠪᠰᠢᠵᠤ︾ ᠨᠡᠮᠡᠵᠦ ᠪᠠᠶᠢᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠪᠠᠷᠢᠯᠭ᠎ᠠ ᠶᠢᠨ ᠠᠵᠢᠯ ᠬᠢᠬᠦ ᠵᠥᠪᠰᠢᠶᠡᠷᠡᠯ ᠤᠨ ᠡᠯᠧᠺᠲᠷᠦᠨ ᠦᠨᠡᠮᠯᠡᠯ ᠢ ᠪᠥᠬᠦ ᠲᠠᠯ᠎ᠠ ᠪᠠᠷ ᠳᠡᠯᠭᠡᠷᠡᠭᠦᠯᠵᠦ᠂ ᠦᠨᠡᠮᠯᠡᠯ ᠢ ᠰᠦᠯᠵᠢᠶᠡᠨ ᠳᠡᠭᠡᠷ᠎ᠡ ᠨᠢᠭᠡᠳᠦᠯᠲᠡᠶ ᠳᠠᠷᠤᠮᠠᠯᠯᠠᠬᠤ᠂ ᠪᠠᠶᠢᠴᠠᠭᠠᠨ ᠯᠠᠪᠯᠠᠬᠤ ᠪᠠ ᠪᠦᠷᠢᠳᠬᠡᠬᠦ ᠶᠢ ᠪᠡᠶᠡᠯᠡᠭᠦᠯᠬᠦ ᠬᠡᠷᠡᠭᠲᠡᠶ ᠭᠡᠪᠡ᠃       ᠬᠤᠷᠠᠯ ᠠᠴᠠ᠂ ᠠᠮᠠᠷᠠᠯᠲᠠ ᠶᠢᠨ ᠬᠤᠭᠤᠴᠠᠭ᠎ᠠ ᠣᠶᠢᠷᠠᠳᠴᠤ ᠪᠠᠶᠢᠭ᠎ᠠ ᠦᠶ᠎ᠡ ᠳᠤ᠂ ᠠᠮᠤᠷ ᠲᠦᠪᠰᠢᠨ ᠲᠣᠭᠲᠠᠭᠤᠨ ᠤ ᠬᠥᠪᠴᠢ ᠶᠢ ᠴᠢᠩᠭᠠᠷᠠᠭᠤᠯᠵᠤ᠂ ᠬᠤᠷᠢᠭ᠎ᠠ ᠱᠤᠭᠤᠮ ᠤᠨ ᠰᠡᠳᠬᠢᠬᠦᠢ ᠪᠠ ᠤᠯᠠᠭᠠᠨ ᠱᠤᠭᠤᠮ ᠤᠨ ᠤᠬᠠᠮᠰᠠᠷ ᠢ ᠪᠠᠷᠢᠮᠲᠠᠯᠠᠵᠤ᠂ ᠭᠦᠨᠵᠡᠭᠡᠢ ᠰᠤᠷᠭᠠᠮᠵᠢ ᠠᠪᠴᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠶᠢ ᠬᠡᠷᠡᠭᠵᠢᠭᠦᠯᠵᠦ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠵᠤ᠂ ᠡᠯ᠎ᠡ ᠲᠦᠷᠦᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭ᠎ᠠ ᠠᠳᠬᠤᠵᠤ᠂ ᠲᠤᠬᠠᠢ ᠶᠢᠨ ᠲᠠᠯᠠᠪᠠᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠰᠠᠨ ᠲᠦᠪᠰᠢᠨ ᠢ ᠳᠡᠭᠡᠭᠰᠢᠯᠡᠭᠦᠯᠵᠦ᠂ ᠠᠮᠤᠷ ᠲᠦᠪᠰᠢᠨ ᠤ ᠣᠷᠣᠭᠤᠯᠤᠯᠲᠠ᠂ ᠰᠤᠷᠭᠠᠨ ᠬᠥᠮᠦᠵᠢᠯ᠂ ᠪᠣᠯᠪᠠᠰᠤᠷᠠᠯ ᠵᠡᠷᠭᠡ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ︽ᠳᠠᠯᠳᠠ ᠭᠡᠮ ᠪᠣᠯ ᠳᠠᠷᠤᠢ ᠠᠳᠡᠯ︾ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠳᠠᠯᠳᠠ ᠭᠡᠮ ᠢ ᠪᠠᠶᠢᠴᠠᠭᠠᠨ ᠵᠠᠰᠠᠬᠤ ᠶᠢ ᠭᠦᠨᠵᠡᠭᠡᠢ ᠥᠷᠨᠢᠭᠦᠯᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠪᠠᠯᠠᠢ ᠣᠷᠣᠨ ᠦᠯᠡᠳᠡᠭᠡᠬᠦ ᠦᠭᠡᠢ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠵᠤ᠂ ᠠᠮᠤᠷ ᠲᠦᠪᠰᠢᠨ ᠤ ᠳᠠᠯᠳᠠ ᠭᠡᠮ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠤᠰᠠᠳᠬᠠᠬᠤ ᠬᠡᠷᠡᠭᠲᠡᠢ᠃ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠰᠢᠢᠳᠬᠡᠬᠦ ᠡᠷᠴᠢᠮ ᠢᠶᠠᠨ ᠴᠢᠩᠭᠠᠷᠠᠭᠤᠯᠵᠤ᠂ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠰᠦᠷ ᠬᠦᠴᠦᠲᠦ ᠪᠠᠶᠢᠳᠠᠯ ᠢ ᠪᠤᠢ ᠪᠣᠯᠭᠠᠵᠤ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠰᠦᠪᠡᠭᠴᠢᠯᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
5.png
       ᠬᠤᠷᠠᠯ ᠠᠴᠠ ᠱᠠᠭᠠᠷᠳᠠᠭᠰᠠᠨ ᠨᠢ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠳᠠᠯᠠᠵᠤ᠂ ᠲᠣᠭᠲᠠᠭᠠᠯ ᠠᠴᠠ ᠵᠥᠷᠢᠴᠡᠨ ᠠᠵᠤ ᠠᠬᠤᠶᠢᠯᠠᠯ ᠳᠤ ᠬᠤᠯᠪᠣᠭᠳᠠᠭᠰᠠᠨ ᠵᠦᠢᠯᠡᠰ ᠪᠤᠶᠤ ᠬᠤᠪᠢ ᠬᠥᠮᠦᠨ ᠤ ᠠᠵᠤ ᠠᠬᠤᠶᠢᠯᠠᠯ ᠳᠤ ᠬᠤᠯᠪᠣᠭᠳᠠᠭᠰᠠᠨ ᠵᠦᠢᠯᠡᠰ ᠢᠶᠠᠨ ᠨᠢᠭᠤᠨ ᠳᠠᠷᠤᠭᠠᠳ ᠮᠡᠳᠡᠭᠦᠯᠬᠦ ᠦᠭᠡᠢ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠪᠠ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠮᠠᠭᠠᠳᠯᠠᠨ ᠲᠣᠭᠲᠠᠭᠠᠵᠤ᠂ ᠲᠢᠩᠬᠢᠮ ᠤᠨ ᠰᠢᠰᠲ᠋ᠧᠮ ᠤᠨ ᠠᠵᠤ ᠠᠬᠤᠶᠢᠯᠠᠯ ᠳᠤ ᠬᠤᠯᠪᠣᠭᠳᠠᠭᠰᠠᠨ ᠵᠦᠢᠯᠡᠰ ᠢ ᠲᠠᠭᠯᠠᠨ ᠮᠡᠳᠡᠭᠦᠯᠬᠦ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃       ᠬᠤᠷᠠᠯ ᠠᠴᠠ ᠲᠢᠩᠬᠢᠮ ᠤᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ 2021 ᠣᠨ ᠤ ᠲᠥᠰᠦᠪ ᠤᠨ ᠲᠣᠬᠢᠷᠠᠭᠤᠯᠤᠯᠲᠠ ᠶᠢᠨ ᠰᠠᠨᠠᠭᠤᠯᠭ᠎ᠠ ᠵᠢᠴᠢ 2021 ᠣᠨ ᠤ ᠡᠯ᠎ᠡ ᠲᠥᠷᠥᠯ ᠤᠨ ᠪᠠᠯᠠ ᠮᠥᠩᠭᠦ ᠶᠢᠨ ᠬᠤᠪᠢᠶᠠᠷᠢᠯᠠᠯᠲᠠ ᠶᠢᠨ ᠰᠠᠨᠠᠭᠤᠯᠭ᠎ᠠ ᠵᠡᠷᠭᠡ ᠵᠦᠢᠯᠡᠰ ᠢ ᠰᠤᠳᠤᠯᠵᠠᠶ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃       ᠬᠤᠷᠠᠯ ᠳᠤ ᠣᠷᠣᠯᠴᠠᠭᠰᠠᠳ ᠢ ᠲᠢᠩᠬᠢᠮ ᠤᠨ ᠰᠢᠰᠲ᠋ᠧᠮ ᠤᠨ ᠳᠡᠳ᠋ ᠭᠠᠵᠠᠷ ᠤᠨ ᠲᠠᠰ ᠠᠴᠠ ᠳᠡᠭᠡᠭᠰᠢᠬᠢ ᠺᠠᠳ᠋ᠷ ᠲᠤ ᠬᠦᠷᠲᠡᠯ᠎ᠡ ᠥᠷᠭᠡᠳᠬᠡᠪᠡ᠃
ᠢᠷᠡᠯᠲᠡ᠄ ᠥᠪᠦᠷ ᠮᠣᠩᠭᠤᠯ ᠤᠨ ᠣᠷᠤᠨ ᠰᠠᠭᠤᠴᠠ ᠪᠣᠯᠤᠨ ᠬᠤᠲᠠ ᠬᠦᠳᠡᠭᠡ ᠶᠢᠨ ᠪᠥᠲᠦᠭᠡᠨ ᠪᠠᠶᠢᠭᠤᠯᠤᠯᠲᠠ ᠶᠢᠨ ᠲᠢᠩᠬᠢᠮ