5 ᠳ᠋ᠤᠭᠠᠷ ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠤᠤ ᠭᠠᠩ ᠪᠣᠯᠤᠨ ᠬᠠᠮᠢᠶ᠎ᠠ | ᠪᠥᠬᠦᠶ ᠵᠥᠪᠯᠡᠯ ᠠᠯᠪᠠᠨ ᠬᠡᠷ ᠲᠢᠩᠬᠢᠮ ᠲᠣᠪᠴᠢᠶ᠎ᠠ ᠶᠢᠨ ᠬᠢᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠢᠩᠬᠢᠮ ᠳᠤ ᠭᠦᠨᠵᠡᠭᠡᠶᠢᠷᠡᠨ ᠪᠠᠶᠢᠭᠤᠯᠭ᠎ᠠ ᠶᠢᠨ ᠪᠥᠲᠥᠭᠡᠨ ᠪᠠᠶᠢᠭᠤᠯᠤᠯᠲᠠ ᠪᠠ ᠮᠡᠳᠡᠭᠡ ᠵᠠᠩᠭᠢᠵᠢᠯᠲᠠ ᠶᠢᠨ ᠪᠥᠲᠥᠭᠡᠨ ᠪᠠᠶᠢᠭᠤᠯᠤᠯᠲᠠ ᠶᠢᠨ | ᠠᠵᠢᠯ ᠳᠤ ᠪᠠᠶᠢᠴᠠᠭᠠᠨ ᠰᠤᠳᠤᠯᠤᠯᠳᠠ ᠬᠢᠪᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠡᠳ᠋ ᠳᠠᠷᠤᠭ᠎ᠠ ᠰᠦᠨ ᠯᠢ ᠵᠢᠶᠠᠨ᠂ | ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠵᠥᠪᠯᠡᠯ᠂ ᠲᠤᠮᠤ ᠳ᠋ᠠᠶᠢᠲ᠋ᠠ ᠶᠢᠨ ᠲᠥᠪ ᠤᠨ ᠭᠤᠣᠯ ᠬᠠᠷᠢᠭᠤᠴᠠᠯᠭᠠᠲᠠᠨ᠂ | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ | ᠲᠢᠩᠬᠢᠮ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ ᠤᠨ ᠤᠳᠤᠷᠢᠳᠬᠤ ᠪᠠᠭ ᠤᠨ ᠪᠦᠷᠢᠯᠳᠦᠬᠦᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠹᠧᠩ ᠷᠧᠨ ᠹᠸᠢ ᠪᠠᠶᠢᠭᠤᠯᠭ᠎ᠠ ᠶᠢᠨ ᠪᠥᠲᠥᠭᠡᠨ ᠪᠠᠶᠢᠭᠤᠯᠤᠯᠲᠠ ᠪᠠ ᠮᠡᠳᠡᠭᠡ ᠵᠠᠩᠭᠢᠵᠢᠯᠲᠠ ᠶᠢᠨ ᠪᠥᠲᠥᠭᠡᠨ | ᠪᠠᠶᠢᠭᠤᠯᠤᠯᠲᠠ ᠶᠢᠨ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠪᠡ᠃ | | | | | | | | | | | ᠪᠤᠤ ᠭᠠᠩ ᠨᠠᠷ ᠤᠷᠢᠳ ᠬᠤᠵᠢᠳ ᠣᠷᠣᠨ ᠰᠠᠭᠤᠴᠠ ᠪᠠ ᠪᠠᠷᠢᠯᠭ᠎ᠠ ᠶᠢᠨ ᠨᠣᠮ ᠤᠨ ᠦᠷᠦᠭᠡ᠂ ᠨᠠᠮ ᠤᠨ ᠪᠠᠶᠢᠭᠤᠯᠤᠯᠲᠠ ᠶᠢᠨ ᠵᠢᠭᠰᠠᠭᠠᠯ ᠤᠨ ᠭᠠᠵᠠᠷ᠂ | ᠤᠶᠤᠨᠲᠤ ᠨᠠᠮ ᠤᠨ ᠭᠡᠰᠢᠭᠦᠨ ᠤ ᠠᠵᠢᠯᠯᠠᠭ᠎ᠠ ᠶᠢᠨ ᠦᠷᠦᠭᠡ᠂ ᠣᠷᠣᠨ ᠰᠠᠭᠤᠴᠠ ᠪᠠ ᠪᠠᠷᠢᠯᠭ᠎ᠠ ᠶᠢᠨ ᠲᠣᠭᠠᠴᠢᠯᠠᠭᠰᠠᠨ ᠬᠡᠷᠡᠭᠯᠡᠭᠡᠨ ᠤ ᠲᠠᠪᠴᠠᠩ᠂ ᠠᠵᠢᠯᠳᠠᠨ | ᠠᠵᠢᠯᠴᠢᠨ ᠤ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠦᠷᠦᠭᠡ᠂ ᠬᠠᠶᠢᠷᠠᠲᠤ ᠡᠵᠢ ᠵᠢᠵᠢᠭ ᠦᠷᠦᠭᠡ᠂ ᠠᠵᠢᠯᠳᠠᠨ ᠠᠵᠢᠯᠴᠢᠨ ᠤ ᠬᠤᠭᠤᠯᠠᠨ ᠭᠡᠷ ᠲᠤ ᠬᠦᠷᠴᠦ᠂ | ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠢᠩᠬᠢᠮ ᠤᠨ ᠪᠠᠶᠢᠭᠤᠯᠭ᠎ᠠ ᠶᠢᠨ ᠪᠦᠳᠦᠭᠡᠨ | ᠪᠠᠶᠢᠭᠤᠯᠤᠯᠲᠠ ᠪᠠ ᠮᠡᠳᠡᠭᠡ ᠵᠠᠩᠭᠢᠵᠢᠯᠲᠠ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ | | | | | | | | | | | | | | | | | | | ᠪᠤᠤ ᠭᠠᠩ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠢᠩᠬᠢᠮ ᠤᠨ ᠪᠠᠶᠢᠭᠤᠯᠭ᠎ᠠ ᠶᠢᠨ | ᠪᠦᠳᠦᠭᠡᠨ ᠪᠠᠶᠢᠭᠤᠯᠤᠯᠲᠠ ᠪᠠ ᠮᠡᠳᠡᠭᠡ ᠵᠠᠩᠭᠢᠵᠢᠯᠲᠠ ᠶᠢᠨ ᠪᠦᠳᠦᠭᠡᠨ ᠪᠠᠶᠢᠭᠤᠯᠤᠯᠲᠠ ᠶᠢᠨ ᠠᠵᠢᠯ ᠢ ᠨᠤᠲᠠᠯᠠᠪᠠ᠃ ᠲᠡᠷᠡ᠂ ᠤᠯᠤᠰ ᠲᠦᠷᠦ ᠪᠠᠷ ᠬᠦᠳᠦᠯᠦᠨ | ᠳᠠᠭᠠᠭᠤᠯᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠪᠠᠶᠢᠭᠤᠯᠭ᠎ᠠ ᠶᠢᠨ ᠤᠬᠠᠮᠰᠠᠷ ᠢ ᠪᠠᠲᠤ ᠪᠤᠢ ᠪᠣᠯᠭᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ | ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ | ᠪᠠᠶᠢᠭᠤᠯᠤᠯᠲᠠ ᠪᠣᠯᠤᠨ ᠪᠠᠶᠢᠭᠤᠯᠭ᠎ᠠ ᠶᠢᠨ ᠲᠤᠰ ᠪᠡᠶ᠎ᠡ ᠶᠢᠨ ᠪᠠᠶᠢᠭᠤᠯᠤᠯᠲᠠ ᠶᠢ ᠦᠨᠡᠨᠬᠦ ᠴᠢᠩᠭᠠᠳᠬᠠᠵᠤ᠂ ᠨᠠᠮ ᠤᠨ ᠲᠥᠪ ᠬᠤᠷᠢᠶ᠎ᠠ ᠶᠢ ᠰᠠᠨᠠᠭ᠎ᠠ ᠠᠮᠤᠷ ᠪᠠᠶᠢᠯᠭᠠᠬᠤ | ᠂ ᠠᠷᠠᠳ ᠤᠯᠠᠨ ᠢ ᠰᠡᠳᠬᠢᠯ ᠬᠠᠨᠤᠮᠵᠢᠲᠠᠢ ᠪᠣᠯᠭᠠᠬᠤ ᠵᠢᠱᠢᠶᠡᠴᠢ ᠪᠠᠶᠢᠭᠤᠯᠭ᠎ᠠ ᠶᠢ ᠴᠢᠷᠮᠠᠶᠢᠨ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃ | | | | | | | | | | | | | | | | | | | | ᠪᠤᠤ ᠭᠠᠩ ᠴᠢᠬᠤᠯᠠᠴᠢᠯᠠᠭᠰᠠᠨ ᠨᠢ᠂ ᠪᠠᠶᠢᠭᠤᠯᠭ᠎ᠠ ᠶᠢᠨ ᠲᠣᠭᠠᠴᠢᠯᠠᠭᠰᠠᠨ ᠪᠠᠶᠢᠭᠤᠯᠤᠯᠲᠠ ᠶᠢ ᠴᠢᠩᠭᠠᠳᠬᠠᠵᠤ᠂ ᠲᠤᠮᠤ ᠳ᠋ᠠᠶᠢᠲ᠋ᠠ ᠶᠢᠨ ᠲᠠᠪᠴᠠᠩ ᠤᠨ | ᠪᠠᠶᠢᠭᠤᠯᠤᠯᠲᠠ ᠶᠢᠨ ᠬᠡᠷᠡᠭᠯᠡᠯᠲᠡ᠂ ᠪᠠᠶᠢᠭᠤᠯᠭ᠎ᠠ ᠶᠢᠨ ᠠᠯᠪᠠᠨ ᠠᠵᠢᠯ ᠤᠨ ᠠᠦ᠋ᠲ᠋ᠣᠴᠢᠯᠠᠯᠲᠠ᠂ ᠠᠯᠪᠠᠨ ᠰᠦᠯᠵᠢᠶᠡᠨ ᠤ ᠪᠠᠶᠢᠭᠤᠯᠤᠯᠲᠠ᠂ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠲᠠᠪᠴᠠᠩ ᠤᠨ ᠪᠠᠶᠢᠭᠤᠯᠤᠯᠲᠠ ᠵᠡᠷᠭᠡ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠢ᠃ ᠪᠠᠶᠢᠭᠤᠯᠭ᠎ᠠ ᠶᠢᠨ ᠡᠳᠦᠷ ᠲᠤᠲᠤᠮ ᠤᠨ | ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠨ᠂ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ | ᠪᠢᠴᠢᠭ ᠮᠠᠲ᠋ᠧᠷᠢᠶᠠᠯ ᠰᠢᠢᠳᠪᠦᠷᠢᠯᠡᠬᠦ᠂ ᠬᠤᠷᠠᠯ ᠡᠷᠭᠢᠯᠡᠬᠦ᠂ ᠠᠵᠢᠯ ᠶᠠᠪᠤᠳᠠᠯ ᠭᠦᠢᠴᠡᠳᠭᠡᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠲᠠᠰᠤᠷᠠᠯᠲᠠ ᠥᠬᠡᠶ | ᠳᠡᠭᠡᠭᠰᠢᠯᠡᠭᠦᠯᠬᠦ ᠬᠡᠷᠡᠭᠲᠡᠶ᠃ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠪᠦᠬᠦ ᠲᠠᠯ᠎ᠠ ᠪᠠᠷ | ᠴᠢᠩᠭᠠᠳᠬᠠᠵᠤ᠂ ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠬᠦ ᠶᠢ ᠪᠠᠷᠢᠮᠲᠠᠯᠠᠵᠤ᠂ ᠨᠠᠮ ᠤᠨ ᠡᠭᠦᠷ ᠤᠨ ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ ᠶᠢᠨ | ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠺᠠᠳ᠋ᠷ ᠤᠨ | ᠡᠩᠨᠡᠭᠡ ᠶᠢᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭ᠎ᠠ ᠪᠥᠭᠡᠳ ᠪᠣᠳᠠᠲᠠᠶ ᠪᠠᠷ ᠰᠠᠶᠢᠲᠤᠷ ᠠᠳᠬᠤᠵᠤ᠂ ᠡᠯ᠎ᠡ ᠵᠦᠢᠯ ᠤᠨ ᠠᠵᠢᠯ ᠦᠢᠯᠡᠰ ᠤᠨ | ᠬᠥᠭᠵᠢᠯᠲᠡ ᠳᠤ ᠴᠢᠩᠭ᠎ᠠ ᠬᠦᠴᠦᠲᠡᠶ ᠪᠠᠲᠤᠯᠠᠭ᠎ᠠ ᠬᠠᠩᠭᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠪᠡ᠃ | |