ᠣᠷᠣᠯᠠᠨ ᠪᠠᠶᠢᠭᠤᠯᠬᠤ ᠲᠥᠷᠦᠯ ᠵᠦᠢᠯ ᠤᠨ ᠤᠰᠦ ᠬᠥᠷᠥᠰᠥ ᠰᠢᠷᠣᠶ ᠶᠢ ᠬᠠᠮᠠᠭᠠᠯᠠᠬᠤ ᠮᠡᠷᠭᠡᠵᠢᠯ ᠤᠨ ᠦᠢᠯᠡᠴᠢᠯᠡᠭᠡᠨ ᠤ ᠨᠢᠭᠡᠴᠢ ᠶᠢᠨ ᠰᠣᠩᠭᠤᠭᠤᠯᠢ ᠳᠤ ᠥᠷᠢᠰᠦᠯᠳᠦᠬᠦ ᠠᠯᠪᠠᠨ ᠨᠡᠶᠢᠳᠡᠯᠡᠯ
ᠨᠡᠶᠢᠲᠡᠯᠡᠭᠰᠡᠨ ᠴᠠᠭ᠄
2021/6/3
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠢᠯ ᠤᠨ ᠣᠷᠣᠯᠠᠨ ᠪᠠᠶᠢᠭᠤᠯᠬᠤ ᠲᠥᠪ ︵ᠳᠣᠷᠣᠭᠰᠢ ᠥᠪᠡᠷᠲᠡᠭᠡᠨ ᠵᠠᠰᠠᠬᠤ ᠣᠷᠣᠨ ᠤ ᠣᠷᠣᠯᠠᠨ ᠪᠠᠶᠢᠭᠤᠯᠬᠤ ᠲᠥᠪ ᠭᠡᠵᠦ ᠲᠣᠪᠴᠢᠯᠠᠨ᠎ᠠ︶ ᠠᠴᠠ ᠬᠠᠷᠢᠭᠤᠴᠠᠵᠤ ᠣᠷᠣᠯᠠᠨ ᠪᠠᠶᠢᠭᠤᠯᠤᠭᠰᠠᠨ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶ᠎ᠠ ᠶᠢᠨ ᠨᠡᠭᠦᠯᠭᠡᠨ ᠪᠠᠶᠢᠭᠤᠯᠬᠤ ᠢᠨᠵᠧᠨᠧᠷᠢᠩ ᠤᠨ ᠲᠥᠷᠥᠯ ᠵᠦᠢᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠡᠮᠨᠡᠯᠭᠡ ᠶᠢᠨ ᠬᠤᠷᠢᠶ᠎ᠠ ᠵᠢᠴᠢ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠶᠢ ᠭᠠᠳᠠᠭᠰᠢ ᠨᠡᠭᠦᠯᠭᠡᠵᠦ ᠬᠠᠮᠲᠤᠷᠠᠨ ᠪᠠᠶᠢᠭᠤᠯᠬᠤ ᠲᠥᠷᠥᠯ ᠵᠦᠢᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠮᠦᠽᠸᠢ ᠶᠢ ᠪᠥᠲᠦᠭᠡᠨ ᠪᠠᠶᠢᠭᠤᠯᠬᠤ ᠲᠥᠷᠦᠯ ᠵᠦᠢᠯ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠠᠷᠠᠳ ᠤᠨ ᠡᠮᠨᠡᠯᠭᠡ ᠶᠢᠨ ᠬᠤᠷᠢᠶ᠎ᠠ ︵ᠥᠪᠡᠷᠲᠡᠭᠡᠨ ᠵᠠᠰᠠᠬᠤ ᠣᠷᠣᠨ ᠤ ᠬᠠᠪᠤᠳᠠᠷ ᠤᠨ ᠡᠮᠨᠡᠯᠭᠡ ᠶᠢᠨ ᠬᠤᠷᠢᠶ᠎ᠠ︶ ᠶᠢᠨ ᠡᠭᠦᠳᠡᠨ ᠡᠮᠨᠡᠯᠭᠡ ᠪᠠᠴᠢᠮ ᠡᠮᠨᠡᠯᠭᠡ ᠶᠢᠨ ᠶᠡᠷᠦᠩᠬᠡᠶᠢᠯᠡᠭᠰᠡᠨ ᠠᠰᠠᠷ ᠤᠨ ᠲᠥᠷᠥᠯ ᠵᠦᠢᠯ᠂ ᠥᠪᠥᠷ ᠮᠣᠩᠭᠤᠯ ᠤᠨ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ ᠰᠢᠨ᠎ᠡ ᠪᠠᠷ ᠪᠠᠶᠢᠭᠤᠯᠤᠭᠰᠠᠨ ᠵᠢᠭᠠᠨ ᠰᠤᠷᠭᠠᠬᠤ ᠠᠰᠠᠷ ᠵᠢᠴᠢ ᠳᠠᠭᠠᠯᠲᠠ ᠪᠡᠯᠡᠳᠬᠡᠮᠵᠢ ᠶᠢᠨ ᠲᠥᠷᠥᠯ ᠵᠦᠢᠯ ᠵᠢᠴᠢ ᠥᠪᠥᠷ ᠮᠣᠩᠭᠤᠯ ᠤᠨ ᠣᠨᠴᠠᠭᠠᠢ ᠠᠵᠢᠯ ᠮᠡᠷᠭᠡᠵᠢᠯ ᠤᠨ ᠰᠤᠷᠭᠠᠭᠤᠯᠢ ᠶᠢᠨ ᠶᠡᠷᠦᠩᠬᠡᠶᠢᠯᠡᠭᠰᠡᠨ ᠵᠢᠭᠠᠨ ᠰᠤᠷᠭᠠᠬᠤ ᠠᠰᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠬᠥᠷᠥᠰᠥ ᠰᠢᠷᠣᠶ ᠶᠢ ᠬᠠᠮᠠᠭᠠᠯᠠᠬᠤ ᠮᠡᠷᠭᠡᠵᠢᠯ ᠤᠨ ᠦᠢᠡᠯᠴᠢᠯᠡᠭᠡᠨ ᠤ ᠨᠢᠭᠡᠴᠢ ᠶᠢᠨ ᠰᠣᠩᠭᠤᠭᠤᠯᠢ ᠳᠤ ᠥᠷᠢᠰᠦᠯᠳᠦᠬᠦ ᠨᠥᠬᠦᠴᠡᠯ ᠢ ᠨᠢᠭᠡᠨᠲᠡ ᠪᠦᠷᠢᠯᠳᠦᠭᠦᠯᠦᠭᠰᠡᠨ ᠪᠣᠯᠬᠤᠷ᠂ ᠡᠳᠦᠭᠡ ᠢᠯᠡ ᠪᠠᠷ ᠰᠣᠩᠭᠤᠭᠤᠯᠢ ᠳᠤ ᠥᠷᠢᠰᠦᠯᠳᠦᠨ᠎ᠡ᠃         ᠨᠢᠭᠡ᠂ ᠲᠥᠷᠥᠯ ᠵᠦᠢᠯ ᠤᠨ ᠲᠦᠢᠮᠣ ᠪᠠᠶᠢᠳᠠᠯ       1᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠤᠬᠡᠳ ᠤᠨ ᠡᠮᠨᠡᠯᠭᠡ ᠶᠢᠨ ᠬᠤᠷᠢᠶ᠎ᠠ᠂ ᠡᠮᠡᠭᠲᠡᠶᠢᠴᠦᠳ ᠤᠨ ᠡᠮᠨᠡᠯᠭᠡ ᠶᠢᠨ ᠬᠤᠷᠢᠶ᠎ᠠ ᠵᠢᠴᠢ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠶᠢ ᠭᠠᠳᠠᠭᠰᠢ ᠨᠡᠭᠦᠯᠭᠡᠵᠦ ᠬᠠᠮᠲᠤᠷᠠᠨ ᠪᠠᠶᠢᠭᠤᠯᠬᠤ ᠲᠥᠷᠥᠯ ᠵᠦᠢᠯ      1.1 ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ᠄ ᠶᠡᠷᠦᠩᠬᠡᠶ ᠡᠵᠡᠯᠡᠬᠦ ᠲᠠᠯᠠᠪᠠᠶ ᠨᠢ 13.36 ᠾᠧᠺᠲ᠋ᠠᠷ ︵ᠥᠨᠢᠳᠡ ᠡᠵᠡᠯᠡᠬᠦ ᠭᠠᠵᠠᠷ︶᠂ ᠪᠠᠷᠢᠯᠭ᠎ᠠ ᠶᠢᠨ ᠰᠢᠷᠣᠶ ᠴᠢᠯᠠᠭᠤ ᠶᠢ ᠮᠠᠯᠲᠠᠵᠤ ᠪᠥᠭᠯᠡᠭᠰᠡᠨ ᠶᠡᠷᠦᠩᠬᠡᠶ ᠬᠡᠮᠵᠢᠶ᠎ᠡ 16.29 ᠲᠦᠮᠡᠨ ᠪᠣᠰᠤᠭ᠎ᠠ ᠳᠥᠷᠪᠡᠯᠵᠢᠨ ᠮᠧᠲᠷ ︵ᠮᠠᠯᠲᠠᠭᠰᠠᠨ ᠨᠢ 14.06 ᠲᠦᠮᠡᠨ ᠪᠣᠰᠤᠭ᠎ᠠ ᠳᠥᠷᠪᠡᠯᠵᠢᠨ ᠮᠧᠲᠷ᠂ ᠵᠢᠭᠡᠯᠡᠭᠰᠡᠨ ᠨᠢ 2.34 ᠲᠦᠮᠡᠨ ᠪᠣᠰᠤᠭ᠎ᠠ ᠳᠥᠷᠪᠡᠯᠵᠢᠨ ᠮᠧᠲᠷ᠂ ᠬᠠᠶᠠᠭᠰᠠᠨ ᠨᠢ 0.11 ᠲᠦᠮᠡᠨ ᠪᠣᠰᠤᠭ᠎ᠠ ᠳᠥᠷᠪᠡᠯᠵᠢᠨ ᠮᠧᠲᠷ︶᠃       1.2 ᠪᠥᠳᠥᠭᠡᠨ ᠪᠠᠶᠢᠭᠤᠯᠬᠤ ᠬᠠᠶ᠋ᠢᠭ᠄ ᠬᠥᠬᠡᠬᠤᠲᠠ ᠶᠢᠨ ᠬᠠᠷᠠᠴᠢᠨ ᠵᠠᠮ ᠠᠴᠠ ᠵᠡᠭᠦᠨᠰᠢ᠂ ᠴᠠᠬᠠᠷ ᠶᠡᠭᠡ ᠵᠡᠭᠡᠯᠢ ᠠᠴᠠ ᠬᠤᠶᠢᠰᠢ᠃       1.3 ᠰᠣᠩᠭᠤᠭᠤᠯᠢ ᠶᠢᠨ ᠥᠷᠢᠰᠥᠯᠳᠦᠭᠡᠨ ᠤ ᠬᠠᠮᠤᠭ ᠤᠨ ᠥᠨᠳᠥᠷ ᠬᠢᠵᠠᠭᠠᠷᠯᠠᠭᠰᠠᠨ ᠦᠨ᠎ᠡ᠄ 13 ᠲᠦᠮᠡᠨ ᠲᠥᠭᠦᠷᠢᠭ᠃       2᠂ ᠥᠪᠥᠷ ᠮᠣᠩᠭᠤᠯ ᠤᠨ ᠣᠨᠴᠠᠭᠠᠢ ᠠᠵᠢᠯ ᠮᠡᠷᠭᠡᠵᠢᠯ ᠤᠨ ᠰᠤᠷᠭᠠᠭᠤᠯᠢ ᠶᠢᠨ ᠶᠡᠷᠦᠩᠬᠡᠶᠢᠯᠡᠭᠰᠡᠨ ᠵᠢᠭᠠᠨ ᠰᠤᠷᠭᠠᠯᠲᠠ ᠶᠢᠨ ᠠᠰᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ      2.1 ᠪᠦᠳᠦᠭᠡᠨ ᠪᠠᠶᠢᠭᠤᠯᠤᠯᠲᠠ ᠶᠢᠨ ᠬᠡᠪᠴᠢᠶ᠎ᠡ᠄ ᠶᠡᠷᠦᠩᠬᠡᠶ ᠡᠵᠡᠯᠡᠬᠦ ᠲᠠᠯᠠᠪᠠᠢ ᠨᠢ ᠪᠠᠷᠤᠭ 7604.9 ᠲᠡᠭᠰᠢ ᠳᠥᠷᠪᠡᠯᠵᠢᠨ ᠮᠧᠲᠷ᠂ ᠪᠠᠷᠢᠯᠭ᠎ᠠ ᠶᠢᠨ ᠬᠡᠷᠡᠭᠯᠡᠭᠰᠡᠨ ᠰᠢᠷᠣᠶ ᠴᠢᠯᠠᠭᠤᠨ ᠤ ᠶᠡᠷᠦᠩᠬᠡᠶ ᠬᠡᠮᠵᠢᠶ᠎ᠡ 12860 ᠪᠣᠰᠤᠭ᠎ᠠ ᠳᠥᠷᠪᠡᠯᠵᠢᠨ ᠮᠧᠲᠷ ︵ᠮᠠᠯᠲᠠᠭᠰᠠᠨ ᠨᠢ 9428 ᠪᠣᠰᠤᠭ᠎ᠠ ᠳᠥᠷᠪᠡᠯᠵᠢᠨ ᠮᠧᠲᠷ᠂ ᠰᠢᠷᠤᠢ ᠨᠡᠮᠡᠭᠰᠡᠨ ᠨᠢ 3432 ᠪᠣᠰᠤᠭ᠎ᠠ ᠳᠥᠷᠪᠡᠯᠵᠢᠨ ᠮᠧᠲᠷ᠂ ᠬᠠᠶᠠᠭᠰᠠᠨ ᠨᠢ 5996 ᠪᠣᠰᠤᠭ᠎ᠠ ᠳᠥᠷᠪᠡᠯᠵᠢᠨ ᠮᠧᠲᠷ︶᠃       2.2 ᠪᠥᠲᠥᠭᠡᠨ ᠪᠠᠶᠢᠭᠤᠯᠤᠯᠲᠠ ᠶᠢᠨ ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠡᠷᠡᠭᠦᠯᠵᠢᠯ ᠵᠡᠭᠡᠯᠢ ᠠᠴᠠ ᠡᠮᠦᠨ᠎ᠡ᠂ ᠬᠢᠩᠭᠠᠨ ᠬᠤᠶᠢᠲᠤ ᠵᠠᠮ ᠠᠴᠠ ᠵᠡᠭᠦᠨᠰᠢᠬᠢ ᠥᠪᠥᠷ ᠮᠣᠩᠭᠤᠯ ᠤᠨ ᠣᠨᠴᠠᠭᠠᠢ ᠠᠵᠢᠯ ᠮᠡᠷᠭᠡᠵᠢᠯ ᠤᠨ ᠰᠤᠷᠭᠠᠭᠤᠯᠢ ᠶᠢᠨ ᠬᠦᠷᠢᠶᠡᠨ ᠳᠤ᠃       2.3 ᠬᠠᠮᠤᠭ ᠤᠨ ᠥᠨᠳᠥᠷ ᠥᠷᠢᠰᠥᠯᠳᠦᠭᠡᠨ ᠤ ᠬᠢᠵᠠᠭᠠᠷᠯᠠᠭᠰᠠᠨ ᠦᠨ᠎ᠡ᠄ 9 ᠲᠦᠮᠡᠨ ᠲᠥᠭᠦᠷᠢᠭ᠃       3᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠠᠷᠠᠳ ᠤᠨ ᠡᠮᠨᠡᠯᠭᠡ ᠶᠢᠨ ᠬᠤᠷᠢᠶ᠎ᠠ ︵ᠥᠪᠡᠷᠲᠡᠭᠡᠨ ᠵᠠᠰᠠᠬᠤ ᠣᠷᠣᠨ ᠤ ᠬᠠᠪᠤᠳᠠᠷ ᠤᠨ ᠡᠮᠨᠡᠯᠭᠡ ᠶᠢᠨ ᠬᠤᠷᠢᠶ᠎ᠠ︶ ᠶᠢᠨ ᠡᠭᠦᠳᠡᠨ ᠡᠮᠨᠡᠯᠭᠡ ᠪᠠᠴᠢᠮ ᠡᠮᠨᠡᠯᠭᠡ ᠶᠢᠨ ᠶᠡᠷᠦᠩᠬᠡᠶᠢᠯᠡᠭᠰᠡᠨ ᠠᠰᠠᠷ ᠤᠨ ᠲᠦᠷᠦᠯ ᠵᠦᠢᠯ      3.1 ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ᠄ ᠶᠡᠷᠦᠩᠬᠡᠶ ᠡᠵᠡᠯᠡᠬᠦ ᠲᠠᠯᠠᠪᠠᠶ ᠨᠢ 4.09 ᠾᠧᠺᠲ᠋ᠠᠷ᠂ ᠨᠢᠭᠡᠨᠲᠡ ᠪᠠᠶᠢᠭ᠎ᠠ ᠪᠠᠷᠢᠯᠭ᠎ᠠ ᠶᠢᠨ ᠣᠷᠣᠨ ᠤ ᠡᠵᠡᠯᠡᠬᠦ ᠲᠠᠯᠠᠪᠠᠶ ᠨᠢ 1.73 ᠾᠧᠺᠲ᠋ᠠᠷ᠂ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠶᠢᠨ ᠣᠷᠣᠨ ᠤ ᠡᠵᠡᠯᠡᠬᠦ ᠲᠠᠯᠠᠪᠠᠶ ᠨᠢ 2.36 ᠾᠧᠺᠲ᠋ᠠᠷ᠃ ᠨᠢᠭᠡᠨᠲᠡ ᠪᠠᠶᠢᠭ᠎ᠠ ᠪᠠᠷᠢᠯᠭ᠎ᠠ ᠶᠢᠨ ᠲᠣᠭᠤᠷᠢᠭ ᠨᠢ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠨᠠᠶᠢᠷᠠᠭᠤᠯᠤᠨ ᠮᠡᠳᠡᠭᠦᠯᠦᠭᠰᠡᠨ ᠥᠬᠡᠶ ᠪᠣᠯᠬᠤᠷ᠂ ᠪᠦᠬᠦᠨ ᠢᠶᠠᠷ ᠢᠶᠠᠨ ᠥᠨᠢ ᠡᠭᠦᠷᠢᠳᠡ ᠡᠵᠡᠯᠡᠬᠦ ᠭᠠᠵᠠᠷ ᠪᠣᠯᠤᠨ᠎ᠠ᠂ ᠲᠣᠰ ᠤᠳᠠᠭᠠᠨ ᠤ ᠪᠥᠲᠥᠭᠡᠨ ᠪᠠᠶᠢᠭᠤᠯᠤᠯᠲᠠ ᠳᠤ ᠲᠡᠭᠦᠨ ᠢ ᠬᠠᠮᠲᠤ ᠳᠤᠨᠢ ᠰᠡᠷᠭᠡᠶᠢᠯᠡᠨ ᠵᠠᠰᠠᠬᠤ ᠬᠠᠷᠢᠭᠤᠴᠠᠯᠭ᠎ᠠ ᠶᠢᠨ ᠬᠡᠪᠴᠢᠶᠡᠨ ᠳᠤ ᠣᠷᠣᠭᠤᠯᠤᠨ᠎ᠠ᠃ ᠪᠠᠷᠢᠯᠭ᠎ᠠ ᠶᠢᠨ ᠰᠢᠷᠣᠶ ᠴᠢᠯᠠᠭᠤ ᠶᠢ ᠮᠠᠯᠲᠠᠵᠤ ᠪᠥᠭᠯᠡᠭᠰᠡᠨ ᠶᠡᠷᠦᠩᠬᠡᠶ ᠬᠡᠮᠵᠢᠶ᠎ᠡ ᠨᠢ 769 ᠲᠦᠮᠡᠨ ᠪᠣᠰᠤᠭ᠎ᠠ ᠳᠥᠷᠪᠡᠯᠵᠢᠨ ᠮᠧᠲᠷ᠃       3.2 ᠪᠥᠲᠥᠭᠡᠨ ᠪᠠᠶᠢᠭᠤᠯᠤᠯᠲᠠ ᠶᠢᠨ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠵᠣᠣ ᠤᠳᠠ ᠵᠠᠮ ᠠᠴᠠ ᠵᠡᠭᠦᠨᠰᠢ᠂ ᠰᠢᠤᠸᠠᠢ ᠶᠤᠸᠠᠨ ᠪᠠᠷᠠᠭᠤᠨ ᠵᠡᠭᠡᠯᠢ ᠠᠴᠠ ᠬᠤᠶᠢᠰᠢ᠂ ᠵᠡᠭᠦᠨ ᠲᠠᠯ᠎ᠠ ᠳᠤᠨᠢ ᠬᠥᠬᠡᠬᠤᠲᠠ ᠶᠢᠨ ᠲᠡᠮᠦᠷ ᠵᠠᠮ ᠤᠨ ᠲᠣᠪᠴᠢᠶ᠎ᠠ ᠶᠢᠨ ᠣᠶ ᠰᠢᠭᠤᠶ ᠶᠢᠨ ᠲᠠᠯᠠᠪᠠᠶ ᠪᠠᠶᠢᠵᠤ᠂ ᠬᠤᠶᠢᠲᠤ ᠲᠠᠯ᠎ᠠ ᠳᠤᠨᠢ ᠤᠰᠤᠨ ᠠᠰᠢᠭᠯᠠᠯᠲᠠ ᠶᠢᠨ ᠶᠠᠮᠤᠨ ᠤ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠲᠠᠢ ᠬᠥᠷᠰᠢᠯᠡᠵᠦ ᠪᠠᠶᠢᠨ᠎ᠠ᠃       3.3 ᠰᠣᠩᠭᠤᠭᠤᠯᠢ ᠶᠢᠨ ᠥᠷᠢᠰᠥᠯᠳᠦᠭᠡᠨ ᠤ ᠬᠠᠮᠤᠭ ᠤᠨ ᠥᠨᠳᠥᠷ ᠬᠢᠵᠠᠭᠠᠷᠯᠠᠭᠰᠠᠨ ᠦᠨ᠎ᠡ᠄ 10 ᠲᠦᠮᠡᠨ ᠲᠥᠭᠦᠷᠢᠭ᠃       4᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶ᠎ᠠ ᠶᠢ ᠨᠡᠭᠦᠯᠭᠡᠨ ᠪᠠᠶᠢᠭᠤᠯᠬᠤ ᠲᠦᠷᠦᠯ ᠵᠦᠢᠯ      4.1 ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ᠄ ᠶᠡᠷᠦᠩᠬᠡᠶ ᠡᠵᠡᠯᠡᠬᠦ ᠭᠠᠵᠠᠷ ᠤᠨ ᠶᠡᠷᠦᠩᠬᠡᠶ ᠲᠠᠯᠠᠪᠠᠶ ᠨᠢ 5.09 ᠾᠧᠺᠲ᠋ᠠᠷ ︵ᠥᠨᠢᠳᠡ ᠡᠵᠡᠯᠡᠬᠦ ᠭᠠᠵᠠᠷ︶᠂ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ 9.95 ᠲᠦᠮᠡᠨ ᠲᠡᠭᠰᠢ ᠳᠥᠷᠪᠡᠯᠵᠢᠨ ᠮᠧᠲᠷ᠂ ᠪᠠᠷᠢᠯᠭ᠎ᠠ ᠶᠢᠨ ᠰᠢᠷᠣᠶ ᠴᠢᠯᠠᠭᠤ ᠶᠢ ᠮᠠᠯᠲᠠᠵᠤ ᠪᠥᠭᠯᠡᠭᠰᠡᠨ ᠶᠡᠷᠦᠩᠬᠡᠶ ᠬᠡᠮᠵᠢᠶ᠎ᠡ ᠨᠢ 10.95 ᠲᠦᠮᠡᠨ ᠪᠣᠰᠤᠭ᠎ᠠ ᠳᠥᠷᠪᠡᠯᠵᠢᠨ ᠮᠧᠲᠷ ︵ᠮᠠᠯᠲᠠᠭᠰᠠᠨ ᠨᠢ 8.62 ᠲᠦᠮᠡᠨ ᠪᠣᠰᠤᠭ᠎ᠠ ᠳᠥᠷᠪᠡᠯᠵᠢᠨ ᠮᠧᠲᠷ᠂ ᠰᠢᠷᠤᠢ ᠨᠡᠮᠡᠭᠰᠡᠨ ᠨᠢ 2.33 ᠲᠦᠮᠡᠨ ᠪᠣᠰᠤᠭ᠎ᠠ ᠳᠥᠷᠪᠡᠯᠵᠢᠨ ᠮᠧᠲᠷ᠂ ᠬᠠᠶᠠᠭᠰᠠᠨ ᠨᠢ 6.29 ᠲᠦᠮᠡᠨ ᠪᠣᠰᠤᠭ᠎ᠠ ᠳᠥᠷᠪᠡᠯᠵᠢᠨ ᠮᠧᠲᠷ︶᠃       4.2 ᠪᠦᠲᠦᠭᠡᠨ ᠪᠠᠶᠢᠭᠤᠯᠤᠯᠲᠠ ᠶᠢᠨ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠪᠠᠷᠠᠭᠤᠨ ᠪᠠᠶᠠᠨ ᠪᠡᠯᠴᠢᠭᠡᠷ ᠰᠢᠶᠠᠩ ᠤᠨ ᠾᠧ ᠯᠢᠨ ᠲᠣᠰᠬᠤᠨ ᠤ ᠪᠠᠷᠠᠭᠤᠨᠳᠠᠬᠢ ᠵᠡᠭᠦᠨ ᠬᠡᠩᠭᠡᠷᠭᠡᠳᠦ ᠲᠣᠰᠬᠤᠨ ᠤ ᠭᠠᠵᠠᠷ ᠤᠨ ᠠᠭᠤᠯᠵᠠᠷ ᠤᠨ ᠬᠡᠰᠡᠭ᠃       4. 3 ᠰᠣᠩᠭᠤᠭᠤᠯᠢ ᠶᠢᠨ ᠥᠷᠢᠰᠥᠯᠳᠦᠭᠡᠨ ᠤ ᠬᠠᠮᠤᠭ ᠥᠨᠳᠥᠷ ᠬᠢᠵᠠᠭᠠᠷᠯᠠᠭᠰᠠᠨ ᠦᠨ᠎ᠡ᠄ 15 ᠲᠦᠮᠡᠨ ᠲᠥᠭᠦᠷᠢᠭ᠃       5᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠮᠦᠽᠧᠶ ᠶᠢᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ       5.1 ᠪᠦᠳᠦᠭᠡᠨ ᠪᠠᠶᠢᠭᠤᠯᠤᠯᠲᠠ ᠶᠢᠨ ᠬᠡᠪᠴᠢᠶ᠎ᠡ᠄ ᠶᠡᠷᠦᠩᠬᠡᠶ ᠬᠡᠷᠡᠭᠯᠡᠬᠦ ᠭᠠᠵᠠᠷ ᠤᠨ ᠲᠠᠯᠠᠪᠠᠢ 33381.756 ᠲᠡᠭᠰᠢ ᠳᠥᠷᠪᠡᠯᠵᠢᠨ ᠮᠧᠲᠷ ︵3.3381756 ᠾᠧᠺᠲ᠋ᠠᠷ︶᠃       5.2 ᠪᠥᠲᠥᠭᠡᠨ ᠪᠠᠶᠢᠭᠤᠯᠤᠯᠲᠠ ᠶᠢᠨ ᠬᠠᠶ᠋ᠢᠭ᠄ ᠬᠥᠬᠡᠬᠤᠲᠠ ᠶᠢᠨ ᠬᠢᠩᠭᠠᠨ ᠵᠠᠮ ᠤᠨ ᠵᠡᠭᠦᠨ ᠲᠠᠯ᠎ᠠ᠂ ᠡᠮᠦᠨ᠎ᠡ ᠬᠤᠶᠠᠳᠤᠭᠠᠷ ᠲᠤᠭᠤᠷᠢᠭᠤᠯ ᠵᠠᠮ ᠤᠨ ᠬᠤᠶᠢᠲᠤ ᠲᠠᠯ᠎ᠠ᠂ ᠣᠲᠣ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠠᠯᠪᠠᠨ ᠠᠰᠠᠷ ᠤᠨ ᠪᠠᠷᠠᠭᠤᠨ ᠲᠠᠯ᠎ᠠ᠂ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠡᠮᠦᠨ᠎ᠡ ᠲᠠᠯ᠎ᠠ᠂ ᠪᠠᠷᠠᠭᠤᠨ ᠡᠮᠦᠨ᠎ᠡ ᠬᠢᠭᠡᠳ ᠬᠢᠩᠭᠠᠨ ᠵᠠᠮ ᠬᠢᠭᠡᠳ ᠡᠮᠦᠨ᠎ᠡ ᠬᠤᠶᠠᠳᠤᠭᠠᠷ ᠲᠤᠭᠤᠷᠢᠭᠤᠯ ᠵᠠᠮ ᠤᠨ ᠠᠮᠠᠰᠠᠷ ᠲᠤ ᠵᠦᠷᠢᠯᠢᠭ ᠬᠥᠭᠦᠷᠭᠡ ᠪᠠᠶᠢᠭᠤᠯᠬᠤ ᠪᠠᠷ ᠲᠥᠯᠥᠪᠯᠡᠵᠦ ᠪᠣᠶ᠃       5.3 ᠰᠣᠩᠭᠤᠭᠤᠯᠢ ᠶᠢᠨ ᠥᠷᠢᠰᠥᠯᠳᠦᠭᠡᠨ ᠤ ᠬᠠᠮᠤᠭ ᠤᠨ ᠥᠨᠳᠥᠷ ᠬᠢᠵᠠᠭᠠᠷᠯᠠᠭᠰᠠᠨ ᠦᠨ᠎ᠡ᠄ 11 ᠲᠦᠮᠡᠨ ᠲᠥᠭᠦᠷᠢᠭ᠃       6᠂ ᠥᠪᠥᠷ ᠮᠣᠩᠭᠤᠯ ᠤᠨ ᠨᠡᠶᠢᠭᠡᠮ ᠵᠢᠷᠤᠮᠳᠦ ᠳᠡᠭᠡᠳᠦ ᠰᠤᠷᠭᠠᠭᠤᠯᠢ ᠶᠢᠨ ᠰᠢᠨ᠎ᠡ ᠪᠠᠷ ᠪᠠᠶᠢᠭᠤᠯᠤᠭᠰᠠᠨ ᠵᠢᠭᠠᠨ ᠰᠤᠷᠭᠠᠬᠤ ᠠᠰᠠᠷ ᠵᠢᠴᠢ ᠳᠠᠭᠠᠯᠲᠠ ᠪᠡᠯᠡᠳᠬᠡᠮᠵᠢ ᠶᠢᠨ ᠲᠥᠷᠥᠯ ᠵᠦᠢᠯ      6.1 ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ᠄ ᠶᠡᠷᠦᠩᠬᠡᠶ ᠡᠵᠡᠯᠡᠬᠦ ᠲᠠᠯᠠᠪᠠᠶ ᠨᠢ 5.10 ᠾᠧᠺᠲ᠋ᠠᠷ ︵ᠥᠨᠢᠳᠡ ᠡᠵᠡᠯᠡᠬᠦ ᠭᠠᠵᠠᠷ︶᠂ ᠬᠡᠷᠡᠭᠯᠡᠭᠰᠡᠨ ᠪᠠᠷᠢᠯᠭ᠎ᠠ ᠶᠢᠨ ᠰᠢᠷᠣᠶ ᠴᠢᠯᠠᠭᠤᠨ ᠤ ᠶᠡᠷᠦᠩᠬᠡᠶ ᠬᠡᠮᠵᠢᠶ᠎ᠡ ᠨᠢ 9.85 ᠲᠦᠮᠡᠨ ᠪᠣᠰᠤᠭ᠎ᠠ ᠳᠥᠷᠪᠡᠯᠵᠢᠨ ᠮᠧᠲᠷ᠃       6.2 ᠪᠦᠲᠦᠭᠡᠨ ᠪᠠᠶᠢᠭᠤᠯᠤᠯᠲᠠ ᠶᠢᠨ ᠬᠠᠶ᠋ᠢᠭ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠰᠦᠯᠢᠳᠡ ᠵᠡᠭᠡᠯᠢ ᠠᠴᠠ ᠡᠮᠦᠨ᠎ᠡ᠂ ᠬᠡᠩᠭᠡᠷᠭᠡᠲᠦ ᠪᠠᠷᠠᠭᠤᠨ ᠵᠠᠮ ᠠᠴᠠ ᠪᠠᠷᠠᠭᠤᠨᠰᠢ᠃       6. 3 ᠰᠣᠩᠭᠤᠭᠤᠯᠢ ᠶᠢᠨ ᠥᠷᠢᠰᠥᠯᠳᠦᠭᠡᠨ ᠤ ᠬᠠᠮᠤᠭ ᠤᠨ ᠥᠨᠳᠥᠷ ᠬᠢᠵᠠᠭᠠᠷᠯᠠᠭᠰᠠᠨ ᠦᠨ᠎ᠡ᠄ 11 ᠲᠦᠮᠡᠨ ᠲᠥᠭᠦᠷᠢᠭ᠃       7᠂ ᠦᠢᠯᠡᠴᠢᠯᠡᠭᠡᠨ ᠤ ᠬᠤᠭᠤᠴᠠᠭ᠎ᠠ᠄ 3 ᠰᠠᠷ᠎ᠠ᠂ ᠲᠤᠬᠠᠶᠢᠯᠠᠪᠠᠯ ᠭᠡᠷ᠎ᠡ ᠲᠣᠭᠲᠠᠭᠰᠠᠨ ᠡᠳᠦᠷ ᠠᠴᠠ ᠡᠬᠢᠯᠡᠨ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠭᠠᠷᠭᠠᠭᠰᠠᠨ ᠲᠥᠷᠥᠯ ᠵᠦᠢᠯ ᠤᠨ ᠬᠥᠷᠥᠰᠥ ᠰᠢᠷᠣᠶ ᠶᠢ ᠬᠠᠮᠠᠭᠠᠯᠠᠬᠤ ᠪᠡᠯᠡᠳᠬᠡᠮᠵᠢ ᠶᠢ ᠰᠢᠯᠭᠠᠨ ᠠᠪᠬᠤ ᠪᠠᠷ ᠮᠡᠳᠡᠭᠦᠯᠦᠨ ᠳᠠᠩᠰᠠᠯᠠᠭᠤᠯᠤᠭᠰᠠᠨ ᠬᠠᠷᠢᠭᠤ ᠪᠠᠷᠢᠮᠲᠠ ᠶᠢ ᠣᠯᠤᠭᠰᠠᠨ ᠡᠳᠦᠷ ᠬᠦᠷᠲᠡᠯ᠎ᠡ᠃       8᠂ ᠦᠢᠯᠡᠴᠢᠯᠡᠬᠦ ᠭᠠᠵᠠᠷ᠄ ᠬᠥᠬᠡᠬᠤᠲᠠ᠃       ᠬᠤᠶᠠᠷ᠂ ᠳᠠᠭᠠᠭᠠᠴᠢᠯᠠᠯᠲᠠ ᠬᠤᠪᠢᠶᠠᠷᠢᠯᠠᠬᠤ       1᠂ ᠨᠢᠭᠡᠳᠦᠭᠡᠷ ᠳᠠᠭᠠᠭᠠᠴᠢᠯᠠᠯᠲᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠤᠬᠡᠳ ᠤᠨ ᠡᠮᠨᠡᠯᠭᠡ ᠶᠢᠨ ᠬᠤᠷᠢᠶ᠎ᠠ᠂ ᠡᠮᠡᠭᠲᠡᠶᠢᠴᠦᠳ ᠤᠨ ᠡᠮᠨᠡᠯᠭᠡ ᠶᠢᠨ ᠬᠤᠷᠢᠶ᠎ᠠ ᠵᠢᠴᠢ ᠡᠬᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ ᠶᠢ ᠭᠠᠳᠠᠭᠰᠢ ᠨᠡᠭᠦᠯᠭᠡᠵᠦ ᠬᠠᠮᠲᠤᠷᠠᠨ ᠪᠠᠶᠢᠭᠤᠯᠬᠤ ᠲᠥᠷᠥᠯ ᠵᠦᠢᠯ ᠪᠠ ᠥᠪᠥᠷ ᠮᠣᠩᠭᠤᠯ ᠤᠨ ᠣᠨᠴᠣᠭᠤᠶ ᠠᠵᠢᠯ ᠮᠡᠷᠭᠡᠵᠢᠯ ᠤᠨ ᠰᠤᠷᠭᠠᠭᠤᠯᠢ ᠶᠢᠨ ᠶᠡᠷᠦᠩᠬᠡᠶᠢᠯᠡᠭᠰᠡᠨ ᠵᠢᠭᠠᠨ ᠰᠤᠷᠭᠠᠬᠤ ᠠᠰᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ︔       2᠂ ᠬᠤᠶᠠᠳᠤᠭᠠᠷ ᠳᠠᠭᠠᠭᠠᠴᠢᠯᠠᠯᠲᠠ᠄ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠠᠷᠠᠳ ᠤᠨ ᠡᠮᠨᠡᠯᠭᠡ ᠶᠢᠨ ᠬᠤᠷᠢᠶ᠎ᠠ ︵ᠥᠪᠡᠷᠲᠡᠭᠡᠨ ᠵᠠᠰᠠᠬᠤ ᠣᠷᠣᠨ ᠤ ᠬᠠᠪᠤᠳᠠᠷ ᠤᠨ ᠡᠮᠨᠡᠯᠭᠡ ᠶᠢᠨ ᠬᠤᠷᠢᠶ᠎ᠠ︶ ᠶᠢᠨ ᠡᠭᠦᠳᠡᠨ ᠡᠮᠨᠡᠯᠭᠡ ᠪᠠᠴᠢᠮ ᠡᠮᠨᠡᠯᠭᠡ ᠶᠢᠨ ᠶᠡᠷᠦᠩᠬᠡᠶᠢᠯᠡᠭᠰᠡᠨ ᠠᠰᠠᠷ ᠤᠨ ᠲᠥᠷᠥᠯ ᠵᠦᠢᠯ ᠪᠠ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠤᠶᠠᠳᠤᠭᠠᠷ ᠬᠠᠷᠢᠶᠠᠲᠤ ᠡᠮᠨᠡᠯᠭᠡ ᠶᠢᠨ ᠬᠤᠷᠢᠶ᠎ᠠ ᠶᠢ ᠨᠡᠭᠦᠯᠭᠡᠨ ᠪᠠᠶᠢᠭᠤᠯᠬᠤ ᠢᠨᠵᠧᠨᠧᠷᠢᠩ ᠤᠨ ᠲᠥᠷᠥᠯ ᠵᠦᠢᠯ︔       3᠂ ᠭᠤᠷᠪᠠᠳᠤᠭᠠᠷ ᠳᠠᠭᠠᠭᠠᠴᠢᠯᠠᠯᠲᠠ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠮᠦᠽᠧᠶ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠥᠪᠥᠷ ᠮᠣᠩᠭᠤᠯ ᠤᠨ ᠨᠡᠶᠢᠭᠡᠮ ᠵᠢᠷᠤᠮᠳᠦ ᠳᠡᠭᠡᠳᠦ ᠰᠤᠷᠭᠠᠭᠤᠯᠢ ᠶᠢᠨ ᠰᠢᠨ᠎ᠡ ᠪᠠᠷ ᠪᠠᠶᠢᠭᠤᠯᠤᠭᠰᠠᠨ ᠵᠢᠭᠠᠨ ᠰᠤᠷᠭᠠᠯᠲᠠ ᠶᠢᠨ ᠠᠰᠠᠷ ᠵᠢᠴᠢ ᠳᠠᠭᠠᠯᠲᠠ ᠪᠡᠯᠡᠳᠬᠡᠮᠵᠢ ᠶᠢᠨ ᠲᠥᠷᠥᠯ ᠵᠦᠢᠯ᠃       4᠂ ᠰᠣᠩᠭᠤᠭᠤᠯᠢ ᠶᠢᠨ ᠥᠷᠢᠰᠥᠯᠳᠦᠭᠡᠨ ᠤ ᠨᠢᠭᠡᠴᠢ ᠨᠢ ᠭᠤᠷᠪᠠᠨ ᠳᠠᠭᠠᠭᠠᠴᠢᠯᠠᠯᠲᠠ ᠶᠢᠨ ᠰᠣᠩᠭᠤᠭᠤᠯᠢ ᠶᠢᠨ ᠥᠷᠢᠰᠥᠯᠳᠦᠭᠡᠨ ᠳᠤ ᠵᠡᠷᠭᠡ ᠪᠠᠷ ᠣᠷᠣᠯᠴᠠᠵᠤ ᠪᠣᠯᠤᠨ᠎ᠠ᠂ ᠭᠡᠪᠡᠴᠦ ᠨᠢᠭᠡ ᠯᠡ ᠳᠠᠭᠠᠭᠠᠴᠢᠯᠠᠯᠲᠠ ᠳᠤ ᠰᠤᠩᠭᠤᠭᠳᠠᠨ᠎ᠠ᠃       5᠂ ᠲᠤᠰ ᠲᠥᠷᠦᠯ ᠵᠦᠢᠯ ᠤᠨ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠨᠠᠶᠢᠷᠠᠭᠤᠯᠤᠨ ᠵᠣᠬᠢᠶᠠᠭᠰᠠᠨ ᠨᠢᠭᠡᠴᠢ ᠨᠢ ᠲᠤᠰ ᠲᠥᠷᠦᠯ ᠵᠦᠢᠯ ᠤᠨ ᠬᠥᠷᠥᠰᠥ ᠰᠢᠷᠣᠶ ᠶᠢ ᠬᠠᠮᠠᠭᠠᠯᠠᠬᠤ ᠮᠡᠷᠭᠡᠵᠢᠯ ᠤᠨ ᠦᠢᠯᠡᠴᠢᠯᠡᠭᠡᠨ ᠤ ᠰᠣᠩᠭᠤᠭᠤᠯᠢ ᠶᠢᠨ ᠥᠷᠢᠰᠥᠯᠳᠦᠭᠡᠨ ᠤ ᠠᠵᠢᠯᠯᠠᠭ᠎ᠠ ᠳᠤ ᠣᠷᠣᠯᠴᠠᠵᠤ ᠪᠣᠯᠬᠤ ᠦᠭᠡᠢ᠃       ᠭᠤᠷᠪᠠ᠂ ᠬᠤᠳᠠᠯᠳᠤᠨ ᠠᠪᠬᠤ ᠦᠢᠯᠡᠴᠢᠯᠡᠭᠡᠨ ᠤ ᠬᠡᠪᠴᠢᠶ᠎ᠡ       ᠦᠢᠯᠡᠴᠢᠯᠡᠬᠦ ᠠᠭᠤᠯᠭ᠎ᠠ᠄ ᠬᠥᠷᠥᠰᠥ ᠰᠢᠷᠣᠶ ᠶᠢ ᠬᠠᠮᠠᠭᠠᠯᠠᠬᠤ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠲᠥᠰᠦᠯ ᠵᠢᠴᠢ ᠶᠠᠪᠤᠴᠠ ᠳᠤᠮᠳᠠᠬᠢ ᠬᠢᠨᠠᠨ ᠬᠠᠮᠢᠶᠠᠷᠤᠯᠲᠠ᠂ ᠬᠢᠨᠠᠨ ᠬᠡᠮᠵᠢᠯᠲᠡ ᠶᠢ ᠪᠠᠭᠲᠠᠭᠠᠬᠤ ᠪᠤᠯᠠᠪᠠᠴᠤ ᠬᠢᠵᠠᠭᠠᠷᠯᠠᠭᠳᠠᠬᠤ ᠦᠭᠡᠶ᠂ ᠬᠥᠷᠥᠰᠥ ᠰᠢᠷᠣᠶ ᠶᠢᠨ ᠬᠠᠮᠠᠭᠠᠯᠠᠯᠲᠠ ᠶᠢᠨ ᠬᠢᠨᠠᠨ ᠬᠠᠮᠢᠶᠠᠷᠤᠯᠲᠠ ᠶᠢᠨ ᠳ᠋ᠦᠩᠨᠡᠯᠲᠡ ᠶᠢᠨ ᠮᠡᠳᠡᠭᠦᠯᠦᠯᠲᠡ᠂ ᠬᠥᠷᠥᠰᠥ ᠰᠢᠷᠣᠶ ᠶᠢᠨ ᠬᠠᠮᠠᠭᠠᠯᠠᠯᠲᠠ ᠶᠢᠨ ᠬᠢᠨᠠᠨ ᠬᠡᠮᠵᠢᠯᠲᠡ ᠶᠢᠨ ᠳ᠋ᠦᠩᠨᠡᠯᠲᠡ ᠶᠢᠨ ᠮᠡᠳᠡᠭᠦᠯᠦᠯᠲᠡ᠂ ᠬᠥᠷᠥᠰᠥ ᠰᠢᠷᠣᠶ ᠶᠢᠨ ᠬᠠᠮᠠᠭᠠᠯᠠᠯᠲᠠ ᠶᠢᠨ ᠪᠡᠯᠡᠳᠬᠡᠮᠵᠢ ᠶᠢ ᠰᠢᠯᠭᠠᠨ ᠠᠪᠤᠭᠰᠠᠨ ᠮᠡᠳᠡᠭᠦᠯᠦᠯᠲᠡ᠂ ᠬᠥᠷᠥᠰᠥ ᠰᠢᠷᠣᠶ ᠶᠢᠨ ᠬᠠᠮᠠᠭᠠᠯᠠᠯᠲᠠ ᠶᠢᠨ ᠪᠡᠯᠡᠳᠬᠡᠮᠵᠢ ᠶᠢ ᠰᠢᠯᠭᠠᠨ ᠠᠪᠤᠭᠰᠠᠨ ᠬᠢᠨᠠᠨ ᠲᠣᠭᠲᠠᠭᠠᠯᠲᠠ ᠶᠢᠨ ᠪᠢᠴᠢᠭ ︵ᠮᠡᠳᠡᠭᠦᠯᠦᠯᠲᠡ ᠶᠢᠨ ᠬᠡᠯᠪᠡᠷᠢ᠂ ᠠᠭᠤᠯᠭ᠎ᠠ ᠨᠢ ᠬᠥᠷᠥᠰᠥ ᠰᠢᠷᠣᠶ ᠶᠢᠨ ᠬᠠᠮᠠᠭᠠᠯᠠᠯᠲᠠ ᠶᠢᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠵᠦ᠂  ᠪᠦᠷᠢᠨ ᠪᠥᠲᠦᠨ ᠪᠢᠴᠢᠭ ᠮᠠᠲ᠋ᠧᠷᠢᠶᠠᠯ ᠪᠦᠷᠢᠯᠳᠦᠭᠰᠡᠨ ᠪᠠᠶᠢᠬᠤ︶  ᠢ ᠪᠦᠷᠢᠯᠳᠦᠭᠦᠯᠬᠦ ᠶᠢᠨ ᠬᠠᠮᠲᠤ ᠬᠥᠷᠥᠰᠥ ᠰᠢᠷᠣᠶ ᠶᠢ ᠬᠠᠮᠠᠭᠠᠯᠠᠬᠤ ᠪᠡᠯᠡᠳᠬᠡᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠬᠤ᠂ ᠢᠯᠡ ᠨᠡᠶᠢᠲᠡᠯᠡᠬᠦ ᠪᠠ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠵᠢᠴᠢ ᠬᠥᠷᠥᠰᠥ ᠰᠢᠷᠣᠶ ᠶᠢ ᠬᠠᠮᠠᠭᠠᠯᠠᠬᠤ ᠪᠡᠯᠡᠳᠬᠡᠮᠵᠢ ᠶᠢ ᠪᠡᠶ᠎ᠡ ᠪᠠᠨ ᠳᠠᠭᠠᠭᠠᠵᠤ ᠰᠢᠯᠭᠠᠨ ᠠᠪᠬᠤ᠂ ᠢᠯᠡ ᠨᠡᠶᠢᠲᠡᠯᠡᠬᠦ᠂ ᠮᠡᠳᠡᠭᠦᠯᠦᠨ ᠳᠠᠩᠰᠠᠯᠠᠭᠤᠯᠬᠤ ᠵᠡᠷᠭᠡ ᠬᠤᠯᠪᠣᠭᠳᠠᠯ ᠪᠦᠬᠦᠢ ᠪᠤᠰᠤᠳ ᠠᠵᠢᠯ ᠢ ᠪᠡᠶᠡᠯᠡᠭᠦᠯᠬᠦ ᠬᠡᠷᠡᠭᠲᠡᠶ᠃       ᠲᠦᠷᠪᠡ᠂ ᠰᠣᠩᠭᠤᠭᠤᠯᠢ ᠶᠢᠨ ᠥᠷᠢᠰᠥᠯᠳᠦᠭᠡᠨ ᠤ ᠨᠢᠭᠡᠴᠢ ᠶᠢᠨ ᠡᠷᠬᠡᠪᠰᠢ ᠨᠡᠶᠢᠴᠡᠬᠦ ᠱᠠᠭᠠᠷᠳᠠᠯᠭ᠎ᠠ       1᠂ ᠰᠣᠩᠭᠤᠭᠤᠯᠢ ᠳᠤ ᠥᠷᠢᠰᠥᠯᠳᠦᠬᠦ ᠨᠢᠭᠡᠴᠢ ᠨᠢ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠳᠡᠨ ᠤ ᠬᠢᠷᠢ ᠬᠡᠮ ᠲᠠᠢ ᠪᠥᠭᠡᠳ ᠬᠡᠪ ᠤᠨ ᠡᠵᠡᠩᠨᠡᠯᠳᠡ ᠲᠠᠢ ᠪᠠᠶᠢᠬᠤ︔       2᠂ ᠰᠣᠩᠭᠤᠭᠤᠯᠢ ᠶᠢᠨ ᠥᠷᠢᠰᠥᠯᠳᠦᠭᠡᠨ ᠤ ᠨᠢᠭᠡᠴᠢ ᠬᠦᠴᠦᠨ ᠪᠦᠬᠦᠢ ᠡᠵᠡᠩᠨᠡᠯᠲᠡ ᠶᠢᠨ ᠦᠨᠡᠮᠯᠡᠯ ᠲᠠᠢ ᠪᠠᠶᠢᠬᠤ︔      3᠂ ᠰᠣᠩᠭᠤᠭᠤᠯᠢ ᠳᠤ ᠥᠷᠢᠰᠥᠯᠳᠦᠬᠦ ᠨᠢᠭᠡᠴᠢ ᠨᠢ ᠪᠠᠶᠢᠴᠠᠭᠠᠨ ᠰᠢᠯᠭᠠᠬᠤ ᠠᠵᠢᠯᠳᠠᠨ᠂ ᠬᠡᠮᠵᠢᠭᠦᠷᠯᠢᠭ ᠲᠥᠬᠦᠭᠡᠷᠦᠮᠵᠢ ᠵᠡᠷᠭᠡ ᠲᠠᠯ᠎ᠠ ᠪᠠᠷ ᠬᠥᠷᠥᠰᠥ ᠰᠢᠷᠣᠶ ᠶᠢ ᠬᠠᠮᠠᠭᠠᠯᠠᠬᠤ ᠬᠢᠨᠠᠨ ᠬᠡᠮᠵᠢᠬᠦ ᠵᠣᠬᠢᠴᠠᠩᠭᠤᠶ ᠴᠢᠳᠠᠪᠤᠷᠢ ᠲᠠᠢ ᠪᠠᠶᠢᠬᠤ ᠶᠢᠨ ᠬᠠᠮᠲᠤ ᠡᠯ᠎ᠡ ᠵᠦᠢᠯ ᠤᠨ ᠲᠣᠭᠲᠠᠭᠠᠯ ᠪᠠ ᠬᠤᠯᠪᠣᠭᠳᠠᠯ ᠪᠦᠬᠦᠢ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ︔      4᠂ ᠠᠵᠢᠯ ᠤᠨ ᠪᠦᠲᠦᠮᠵᠢ ᠶᠢᠨ ᠱᠠᠭᠠᠷᠳᠠᠯᠭ᠎ᠠ᠄ ᠤᠢᠢᠷ᠎ᠠ ᠶᠢᠨ ᠲᠠᠪᠤᠨ ᠵᠢᠯ ᠳᠤ ᠠᠳᠠᠭ ᠲᠠᠭᠠᠨ ᠨᠢᠭᠡ ᠵᠦᠢᠯ ᠤᠨ ᠬᠥᠷᠥᠰᠥ ᠰᠢᠷᠣᠶ ᠶᠢ ᠬᠠᠮᠠᠭᠠᠯᠠᠬᠤ ᠮᠡᠷᠭᠡᠵᠢᠯ ᠤᠨ ᠦᠢᠯᠡᠴᠢᠯᠡᠭᠡᠨ ᠤ ᠵᠦᠢᠯᠡᠰ ᠢ ᠳᠠᠭᠠᠭᠠᠨ ᠠᠪᠴᠤ ᠥᠩᠭᠡᠷᠡᠭᠰᠡᠨ ︵ᠭᠡᠷ᠎ᠡ ᠶᠢᠨ ᠵᠣᠭᠤᠰ ᠤᠨ ᠲᠤᠭ᠎ᠠ ᠨᠢ ᠱᠠᠭᠠᠷᠳᠠᠯᠭ᠎ᠠ ᠦᠭᠡᠢ︶᠃       ᠲᠠᠶᠢᠯᠪᠤᠷᠢ᠄ ᠣᠶᠢᠷ᠎ᠠ ᠶᠢᠨ ᠲᠠᠪᠤᠨ ᠵᠢᠯ ᠭᠡᠳᠡᠭ ᠨᠢ 2016 ᠣᠨ ᠤ 1 ᠳ᠋ᠤᠭᠡᠷ ᠰᠠᠷ᠎ᠠ ᠠᠴᠠ 2021 ᠣᠨ ᠤ 5 ᠳ᠋ᠤᠭᠠᠷ ᠰᠠᠷ᠎ᠠ ᠪᠣᠯᠲᠠᠯ᠎ᠠ᠂ ᠭᠡᠷ᠎ᠡ ᠲᠣᠭᠲᠠᠭᠰᠠᠨ ᠴᠠᠭ ᠢᠶᠠᠷ ᠪᠠᠷᠢᠮᠵᠢᠶ᠎ᠠ ᠪᠣᠯᠭᠠᠬᠤ ᠶᠢ ᠵᠢᠭᠠᠵᠤ ᠪᠣᠶ︔         ᠲᠠᠪᠤ᠂ ᠰᠣᠩᠭᠤᠭᠤᠯᠢ ᠶᠢᠨ ᠥᠷᠢᠰᠥᠯᠳᠦᠭᠡᠨ ᠳᠤ ᠨᠡᠷ᠎ᠡ ᠮᠡᠳᠡᠭᠦᠯᠬᠦ       1᠂ ᠲᠣᠰ ᠤᠳᠠᠭᠠᠨ ᠤ ᠰᠣᠩᠭᠤᠭᠤᠯᠢ ᠶᠢᠨ ᠥᠷᠢᠰᠥᠯᠳᠦᠭᠡᠨ ᠳᠤ ᠡᠯᠧᠺᠲᠷᠣᠨ ᠰᠢᠤᠳᠠᠨ ᠤ ᠠᠷᠭ᠎ᠠ ᠮᠠᠶ᠋ᠢᠭ ᠢᠶᠠᠷ ᠨᠡᠷ᠎ᠡ ᠮᠡᠳᠡᠭᠦᠯᠬᠦ ᠪᠠ ᠰᠣᠩᠭᠤᠭᠤᠯᠢ ᠶᠢᠨ ᠪᠢᠴᠢᠭ ᠮᠠᠲ᠋ᠧᠷᠢᠶᠠᠯ ᠢ ᠣᠯᠵᠤ᠂ ᠰᠣᠩᠭᠤᠭᠤᠯᠢ ᠶᠢᠨ ᠨᠢᠭᠡᠴᠢ ᠠᠴᠠ ᠨᠡᠷ᠎ᠡ ᠮᠡᠳᠡᠭᠦᠯᠬᠦ ᠮᠠᠲ᠋ᠧᠷᠢᠶᠠᠯ ᠢ ᠥᠪᠡᠷᠲᠡᠭᠡᠨ ᠵᠠᠰᠠᠬᠤ ᠣᠷᠣᠨ ᠤ ᠣᠷᠣᠯᠠᠨ ᠪᠠᠶᠢᠭᠤᠯᠬᠤ ᠲᠥᠪ ᠤᠨ ᠰᠢᠤᠳᠠᠨ ᠤ ᠬᠠᠶᠢᠷᠴᠠᠭ ︵nmgdj@sinacom︶ ᠲᠤ ᠶᠠᠪᠤᠭᠤᠯᠵᠤ᠂ ᠨᠡᠷ᠎ᠡ ᠮᠡᠳᠡᠭᠦᠯᠬᠦ ᠮᠠᠲ᠋ᠧᠷᠢᠶᠠᠯ ᠢ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠣᠷᠣᠯᠠᠨ ᠪᠠᠶᠢᠭᠤᠯᠬᠤ ᠲᠥᠪ ᠠᠴᠠ ᠰᠣᠩᠭᠤᠭᠤᠯᠢ ᠶᠢᠨ ᠪᠢᠴᠢᠭ ᠮᠠᠲ᠋ᠧᠷᠢᠶᠠᠯ ᠢ ᠰᠣᠩᠭᠤᠭᠤᠯᠢ ᠶᠢᠨ ᠨᠢᠭᠡᠴᠢ ᠶᠢᠨ ᠰᠢᠤᠳᠠᠨ ᠤ ᠬᠠᠶᠢᠷᠴᠠᠭ ᠲᠤ ᠬᠠᠷᠢᠭᠤᠯᠤᠨ᠎ᠠ᠃       2᠂ ᠨᠡᠷ᠎ᠡ ᠮᠡᠳᠡᠭᠦᠯᠬᠦ ᠴᠠᠭ᠄ 2021 ᠣᠨ ᠤ 6 ᠳ᠋ᠤᠭᠠᠷ ᠰᠠᠷ᠎ᠠ ᠶᠢᠨ 2 ᠤᠨ ᠡᠳᠦᠷ ᠤᠨ 9 ᠴᠠᠭ ᠠᠴᠠ 2021 ᠣᠨ ᠤ 6 ᠳ᠋ᠤᠭᠠᠷ ᠰᠠᠷ᠎ᠠ ᠶᠢᠨ 7 ᠤ ᠡᠳᠦᠷ ᠤᠨ 17 ᠴᠠᠭ ︵ᠪᠡᠭᠡᠵᠢᠩ ᠤᠨ ᠴᠠᠭ︶ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠣᠷᠣᠯᠠᠨ ᠪᠠᠶᠢᠭᠤᠯᠬᠤ ᠲᠥᠪ ᠤᠨ ᠰᠢᠤᠳᠠᠨ ᠤ ᠬᠠᠶᠢᠷᠴᠠᠭ ᠤᠨ ᠨᠡᠷ᠎ᠡ ᠮᠡᠳᠡᠭᠦᠯᠬᠦ ᠮᠠᠲ᠋ᠧᠷᠢᠶᠠᠯ ᠢ ᠣᠯᠤᠭᠰᠠᠨ ᠴᠠᠭ ᠢᠶᠠᠷ ᠪᠠᠷᠢᠮᠵᠢᠶ᠎ᠠ ᠪᠣᠯᠭᠠᠵᠤ᠂ ᠬᠤᠭᠤᠴᠠᠭ᠎ᠠ ᠥᠩᠭᠡᠷᠡᠪᠡᠯ ᠳᠠᠭᠢᠵᠤ ᠭᠥᠯᠢᠶᠡᠨ ᠠᠪᠴᠤ ᠰᠢᠢᠳᠪᠦᠷᠢᠯᠡᠬᠦ ᠥᠬᠡᠶ᠃       3᠂ ᠨᠡᠷ᠎ᠡ ᠮᠡᠳᠡᠭᠦᠯᠬᠦ ᠮᠠᠲ᠋ᠧᠷᠢᠶᠠᠯ᠄ ᠨᠡᠷ᠎ᠡ ᠮᠡᠳᠡᠭᠦᠯᠬᠦ ᠦᠶ᠎ᠡ ᠳᠤ ᠰᠣᠩᠭᠤᠭᠤᠯᠢ ᠶᠢᠨ ᠨᠢᠭᠡᠴᠢ ᠨᠢ ᠡᠷᠬᠡᠪᠰᠢ ᠳᠣᠤᠷᠠᠬᠢ ᠮᠡᠲᠦ ᠰᠣᠩᠭᠤᠭᠤᠯᠢ ᠶᠢᠨ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠭᠰᠠᠨ ᠮᠠᠲ᠋ᠧᠷᠢᠶᠠᠯ ᠤᠨ ᠰᠢᠷᠪᠢᠯᠲᠡ ᠶᠢᠨ ᠮᠠᠲ᠋ᠧᠷᠢᠶᠠᠯ ᠢ ᠲᠤᠰᠢᠶᠠᠬᠤ ᠬᠡᠷᠡᠭᠲᠡᠶ᠃       ︵1︶ ᠲᠠᠨᠢᠯᠴᠠᠭᠤᠯᠬᠤ ᠪᠢᠴᠢᠭ ᠨᠢᠭᠡ ᠬᠤᠪᠢ ︵ᠬᠡᠯᠪᠡᠷᠢ ᠶᠢ ᠳᠠᠭᠠᠯᠳᠤᠭᠤᠯᠤᠯ ᠳᠤ ᠦᠵᠡ︶︔       ︵2︶ ᠠᠵᠤ ᠠᠬᠤᠶᠢᠯᠠᠯ ᠤᠨ ᠬᠠᠤᠯᠢ ᠶᠢᠨ ᠡᠷᠬᠡᠳᠡᠨ ᠤ ᠡᠵᠡᠩᠨᠡᠯᠲᠡ ᠶᠢᠨ ᠦᠨᠡᠮᠯᠡᠯ ᠤᠨ ᠵᠢᠩᠬᠢᠨᠢ ᠳᠡᠪᠲᠡᠷ ᠪᠤᠶᠤ ᠬᠠᠭᠤᠯᠪᠤᠷᠢ ᠳᠡᠪᠲᠡᠷ︔       ︵3︶ ᠲᠦᠷᠦᠯ ᠵᠦᠢᠯ ᠤᠨ ᠬᠠᠷᠢᠭᠤᠴᠠᠯᠭᠠᠲᠠᠨ ᠤ ᠲᠤᠰ ᠠᠵᠤ ᠠᠬᠤᠶᠢᠯᠠᠯ ᠲᠠᠢ ᠲᠣᠭᠲᠠᠭᠠᠭᠰᠠᠨ ᠬᠥᠳᠡᠯᠮᠦᠷᠢ ᠶᠢᠨ ᠭᠡᠷ᠎ᠡ︔       ︵4︶ ᠦᠢᠷ᠎ᠠ ᠶᠢᠨ ᠲᠠᠪᠤᠨ ᠵᠢᠯ ᠳᠤ ᠳᠠᠭᠠᠭᠠᠨ ᠠᠪᠤᠭᠰᠠᠨ ᠬᠥᠷᠥᠰᠥ ᠰᠢᠷᠣᠶ ᠶᠢ ᠬᠠᠮᠠᠭᠠᠯᠠᠬᠤ ᠮᠡᠷᠭᠡᠵᠢᠯ ᠤᠨ ᠦᠢᠯᠡᠴᠢᠯᠡᠭᠡᠨ ᠤ ᠭᠡᠷ᠎ᠡ ᠨᠢᠭᠡ ᠬᠤᠪᠢ ᠃        ᠵᠢᠷᠭᠤᠭ᠎ᠠ᠂ ᠰᠣᠩᠭᠤᠭᠤᠯᠢ ᠶᠢᠨ ᠥᠷᠢᠰᠥᠯᠳᠦᠭᠡᠨ ᠤ ᠭᠤᠶᠤᠴᠢᠯᠠᠯ ᠤᠨ ᠪᠢᠴᠢᠭ ᠮᠠᠲ᠋ᠧᠷᠢᠶᠠᠯ ᠢ ᠲᠤᠰᠢᠶᠠᠬᠤ ᠴᠠᠭ ᠵᠢᠴᠢ ᠲᠤᠰᠢᠶᠠᠬᠤ ᠭᠠᠵᠠᠷ       1᠂ ᠰᠣᠩᠭᠤᠭᠤᠯᠢ ᠶᠢᠨ ᠥᠷᠢᠰᠥᠯᠳᠦᠭᠡᠨ ᠤ ᠭᠤᠶᠤᠴᠢᠯᠠᠯ ᠤᠨ ᠪᠢᠴᠢᠭ ᠮᠠᠲ᠋ᠧᠷᠢᠶᠠᠯ ᠢ ᠲᠤᠰᠢᠶᠠᠬᠤ ᠴᠠᠭ᠄ 2021 ᠣᠨ ᠤ 6 ᠳ᠋ᠤᠭᠠᠷ ᠰᠠᠷ᠎ᠠ ᠶᠢᠨ 11 ᠤ ᠡᠳᠦᠷ ᠤᠨ ᠦᠳᠡ ᠶᠢᠨ ᠡᠮᠦᠨᠡᠬᠢ 9᠄ 00 — 11᠄ 00᠂ ᠬᠤᠭᠤᠴᠠᠭ᠎ᠠ ᠠᠴᠠ ᠬᠡᠲᠦᠷᠡᠪᠡᠯ ᠳᠠᠭᠢᠵᠤ ᠭᠥᠯᠢᠶᠡᠨ ᠠᠪᠬᠤ ᠥᠬᠡᠶ᠂ ᠬᠡᠷᠪᠡ ᠬᠤᠪᠢᠷᠠᠯᠲᠠ ᠲᠠᠢ ᠪᠣᠯ ᠠᠰ ᠲᠤᠨᠢ ᠮᠡᠳᠡᠭᠳᠡᠨ᠎ᠡ︔       2᠂ ᠰᠣᠩᠭᠤᠭᠤᠯᠢ ᠶᠢᠨ ᠥᠷᠢᠰᠥᠯᠳᠦᠭᠡᠨ ᠤ ᠭᠤᠶᠤᠴᠢᠯᠠᠯ ᠤᠨ ᠪᠢᠴᠢᠭ ᠮᠠᠲ᠋ᠧᠷᠢᠶᠠᠯ ᠢᠶᠠᠨ ᠲᠤᠰᠢᠶᠠᠬᠤ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠢᠯ ᠤᠨ ᠣᠷᠣᠯᠠᠨ ᠪᠠᠶᠢᠭᠤᠯᠬᠤ ᠲᠥᠪ ᠤᠨ 12 ᠳ᠋ᠤᠭᠠᠷ ᠠᠰᠠᠷ ᠤᠨ 1218 ᠥᠷᠥᠭᠡ ︵ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠴᠢᠩᠭᠢᠰ ᠬᠠᠭᠠᠨ ᠤ ᠵᠡᠭᠦᠨ ᠵᠡᠭᠡᠯᠢ ᠶᠢᠨ 15 ᠳ᠋ᠤᠭᠠᠷ ᠨᠣᠮᠧᠷᠲᠤ ᠪᠥᠲᠥᠭᠡᠨ ᠪᠠᠶᠢᠭᠤᠯᠤᠯᠲᠠ ᠶᠢᠨ ᠲᠣᠮᠣ ᠠᠰᠠᠷ ᠤᠨ A ᠰᠠᠭᠤᠳᠠᠯ ᠤᠨ 12 ᠳ᠋ᠤᠭᠠᠷ ᠠᠰᠠᠷ︶᠃       ᠲᠤᠯᠤᠭ᠎ᠠ᠂ ᠰᠣᠩᠭᠤᠭᠤᠯᠢ ᠶᠢᠨ ᠥᠷᠢᠰᠥᠯᠳᠦᠭᠡᠨ ᠤ ᠦᠨ᠎ᠡ ᠮᠡᠳᠡᠭᠦᠯᠬᠦ ᠱᠠᠭᠠᠷᠳᠠᠯᠭ᠎ᠠ       1᠂ ᠭᠡᠷ᠎ᠡ ᠶᠢᠨ ᠲᠦᠷᠦᠯ ᠵᠦᠢᠯ᠄ ᠲᠣᠭᠲᠠᠮᠠᠯ ᠶᠡᠷᠦᠩᠬᠡᠶ ᠦᠨ᠎ᠡ ᠶᠢᠨ ᠭᠡᠷ᠎ᠡ ᠶᠢ ᠬᠡᠷᠡᠭᠯᠡᠬᠦ︔       2᠂ ᠵᠠᠷᠤᠳᠠᠯ ᠥᠭᠬᠦ ᠠᠷᠭ᠎ᠠ ᠮᠠᠶ᠋ᠢᠭ᠄ ᠭᠡᠷ᠎ᠡ ᠳᠤ ᠪᠣᠯᠵᠣᠨ ᠲᠣᠭᠲᠠᠭᠰᠠᠨ ᠠᠵᠢᠯ ᠤᠨ ᠠᠭᠤᠯᠭ᠎ᠠ ᠶᠢ ᠪᠡᠶᠡᠯᠡᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠮᠡᠳᠡᠭᠦᠯᠦᠨ ᠳᠠᠩᠰᠠᠯᠠᠭᠤᠯᠤᠭᠰᠠᠨ ᠬᠠᠷᠢᠭᠤ ᠪᠠᠷᠢᠮᠲᠠ ᠶᠢ ᠣᠯᠤᠭᠰᠠᠨ ᠤ ᠳᠠᠷᠠᠭ᠎ᠠ ᠡᠳ᠋ ᠤᠨ ᠵᠠᠰᠠᠭ ᠤᠨ ᠲᠢᠩᠬᠢᠮ ᠤᠨ ᠥᠭᠬᠦ ᠶᠠᠪᠤᠴᠠ ᠶᠢᠨ ᠶᠣᠰᠣᠭᠠᠷ ᠨᠢᠭᠡ ᠯᠡ ᠤᠳᠠᠭ᠎ᠠ ᠳᠤ ᠥᠭᠴᠦ ᠳᠠᠭᠤᠰᠬᠠᠨ᠎ᠠ᠃ ᠬᠡᠷᠪᠡ ᠡᠳ᠋ ᠤᠨ ᠵᠠᠰᠠᠭ ᠤᠨ ᠲᠢᠩᠬᠢᠮ ᠠᠴᠠ ᠵᠣᠭᠤᠰ ᠰᠠᠯᠭᠠᠨ ᠥᠭᠬᠦ ᠶᠢ ᠤᠳᠠᠭᠠᠰᠢᠷᠠᠭᠤᠯᠤᠭᠰᠠᠨ ᠠᠴᠠ ᠪᠤᠯᠵᠤ ᠬᠦᠭᠡ ᠲᠠᠯ᠎ᠠ ᠶᠢᠨ ᠵᠣᠭᠤᠰ ᠥᠭᠬᠦ ᠶᠢ ᠤᠳᠠᠭᠠᠰᠢᠷᠠᠭᠤᠯᠤᠭᠰᠠᠨ ᠪᠠᠶᠢᠪᠠᠯ᠂ ᠬᠦᠭᠡ ᠲᠠᠯ᠎ᠠ ᠭᠡᠷ᠎ᠡ ᠶᠢ ᠵᠥᠷᠢᠴᠡᠭᠰᠡᠨ ᠢᠶᠠᠷ ᠦᠵᠡᠬᠦ ᠦᠭᠡᠢ᠃       3᠂ ᠦᠨ᠎ᠡ ᠮᠡᠳᠡᠭᠦᠯᠬᠦ ᠦᠨᠳᠦᠰᠦ ᠪᠠᠷᠢᠮᠲᠠ᠄ ᠰᠣᠩᠭᠤᠭᠤᠯᠢ ᠶᠢᠨ ᠥᠷᠢᠰᠥᠯᠳᠦᠭᠡᠨ ᠤ ᠨᠢᠭᠡᠴᠢ ᠨᠢ ᠰᠣᠩᠭᠤᠭᠤᠯᠢ ᠶᠢᠨ ᠥᠷᠢᠰᠥᠯᠳᠦᠭᠡᠨ ᠤ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠮᠠᠲ᠋ᠧᠷᠢᠶᠠᠯ ᠵᠢᠴᠢ ᠬᠤᠯᠪᠣᠭᠳᠠᠯ ᠪᠦᠬᠦᠢ ᠱᠠᠭᠠᠷᠳᠠᠯᠭ᠎ᠠ ᠲᠠᠢ ᠤᠶᠠᠯᠳᠤᠭᠤᠯᠤᠨ᠂ ᠬᠤᠳᠠᠯᠳᠤᠨ ᠠᠪᠬᠤ ᠦᠢᠯᠡᠴᠢᠯᠡᠭᠡᠨ ᠤ ᠬᠡᠪᠴᠢᠶ᠎ᠡ ᠂ ᠵᠠᠬ᠎ᠠ ᠳᠡᠯᠭᠡᠭᠦᠷ ᠤᠨ ᠥᠷᠢᠰᠥᠯᠳᠦᠭᠡᠨ᠂ ᠠᠵᠢᠯ ᠤᠨ ᠦᠶᠡᠯᠡᠯ᠂ ᠠᠵᠤ ᠠᠬᠤᠶᠢᠯᠠᠯ ᠤᠨ ᠲᠤᠰ ᠪᠡᠶ᠎ᠡ ᠶᠢᠨ ᠴᠢᠳᠠᠪᠤᠷᠢ᠂ ᠪᠠᠷᠠᠭᠠᠨ ᠤ ᠦᠨ᠎ᠡ ᠵᠢᠴᠢ ᠲᠦᠷᠦ ᠶᠢᠨ ᠪᠤᠳᠤᠯᠭ᠎ᠠ ᠶᠢᠨ ᠴᠢᠨᠠᠷᠲᠠᠶ ᠬᠤᠪᠢᠷᠠᠯᠲᠠ ᠵᠡᠷᠭᠡ ᠬᠦᠴᠦᠨ ᠵᠦᠢᠯ ᠢ ᠭᠦᠢᠴᠡᠳ ᠪᠣᠳᠣᠯᠬᠢᠯᠠᠭᠰᠠᠨ ᠰᠠᠭᠤᠷᠢᠨ ᠳᠡᠭᠡᠷ᠎ᠡ ᠦᠨ᠎ᠡ ᠮᠡᠳᠡᠭᠦᠯᠬᠦ ᠶᠢ ᠶᠡᠷᠦᠩᠬᠡᠶᠢᠯᠡᠨ ᠪᠣᠳᠣᠯᠬᠢᠯᠠᠵᠤ ᠪᠠᠶᠢᠭᠠᠳ ᠦᠨ᠎ᠡ ᠮᠡᠳᠡᠭᠦᠯᠦᠨ᠎ᠡ︔       4᠂ ᠲᠤᠰ ᠤᠳᠠᠭᠠᠨ ᠤ ᠰᠣᠩᠭᠤᠭᠤᠯᠢ ᠶᠢᠨ ᠥᠷᠢᠰᠥᠯᠳᠦᠭᠡᠨ ᠳᠤ ᠬᠠᠮᠤᠭ ᠤᠨ ᠥᠨᠳᠥᠷ ᠥᠷᠢᠰᠥᠯᠳᠦᠭᠡᠨ ᠤ ᠬᠢᠵᠠᠭᠠᠷ ᠦᠨ᠎ᠡ ᠲᠤᠭᠳᠠᠭᠠᠨ᠎ᠠ       ᠨᠠᠢᠮᠠ᠂ ᠰᠣᠩᠭᠤᠭᠤᠯᠢ ᠶᠢᠨ ᠥᠷᠢᠰᠥᠯᠳᠦᠭᠡᠨ ᠤ ᠠᠯᠪᠠᠨ ᠵᠠᠷ ᠢ ᠨᠡᠶᠢᠲᠡᠯᠡᠬᠦ ᠴᠠᠭ ᠪᠠ ᠵᠠᠭᠤᠴᠢ       1᠂ ᠨᠡᠶᠢᠲᠡᠯᠡᠭᠰᠡᠨ ᠴᠠᠭ᠄ 2021 ᠣᠨ ᠤ 6 ᠳ᠋ᠤᠭᠠᠷ ᠰᠠᠷ᠎ᠠ ᠶᠢᠨ 2 ᠤᠨ ᠡᠳᠦᠷ ᠠᠴᠠ 2021 ᠣᠨ ᠤ 6 ᠳ᠋ᠤᠭᠠᠷ ᠰᠠᠷ᠎ᠠ ᠶᠢᠨ 7 ᠤ ᠡᠳᠦᠷ ᠪᠣᠯᠲᠠᠯ᠎ᠠ       2᠂ ᠵᠠᠭᠤᠴᠢᠯᠠᠭᠤᠷ ᠨᠡᠶᠢᠲᠡᠯᠡᠬᠦ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠰᠦᠯᠵᠢᠶ᠎ᠡ ᠶᠢᠨ ︽ᠮᠡᠳᠡᠭᠳᠡᠯ ᠠᠯᠪᠠᠨ ᠵᠠᠷ︾  ᠪᠤᠯᠤᠩ᠃       ᠶᠢᠰᠦ᠂ ᠬᠠᠷᠢᠯᠴᠠᠬᠤ ᠠᠷᠭ᠎ᠠ ᠬᠡᠯᠪᠡᠷᠢ       ᠣᠷᠣᠯᠠᠨ ᠪᠠᠶᠢᠭᠤᠯᠬᠤ ᠨᠢᠭᠡᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠢᠯ ᠤᠨ ᠣᠷᠣᠯᠠᠨ ᠪᠠᠶᠢᠭᠤᠯᠬᠤ ᠲᠥᠪ        ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠴᠢᠩᠭᠢᠰ ᠬᠠᠭᠠᠨ ᠤ ᠵᠡᠭᠦᠨ ᠵᠡᠭᠡᠯᠢ ᠶᠢᠨ 15 ᠳ᠋ᠤᠭᠠᠷ ᠨᠣᠮᠧᠷᠲᠤ ᠪᠥᠲᠥᠭᠡᠨ ᠪᠠᠶᠢᠭᠤᠯᠤᠯᠲᠠ ᠶᠢᠨ ᠲᠣᠮᠣ ᠠᠰᠠᠷ ᠤᠨ A ᠰᠠᠭᠤᠳᠠᠯ ᠤᠨ 12 ᠳ᠋ᠤᠭᠠᠷ ᠠᠰᠠᠷ       ᠬᠠᠷᠢᠯᠴᠠᠬᠤ ᠬᠥᠮᠦᠨ᠄ ᠶᠠᠩ ᠪᠥᠸᠧ᠂ ᠵᠣᠣ ᡁᠢ᠂ ᠡᠤ ᠵᠢᠶᠦ᠋ᠨ ᠸᠧᠨ᠂ ᠴᠢᠶᠣᠤ ᠭᠦᠸᠧ ᠶᠢᠩ᠂ ᠱᠢ ᠶᠢᠩ       ᠬᠠᠷᠢᠯᠴᠠᠬᠤ ᠤᠲᠠᠰᠤ᠄ 0471 — 5183538/6525479/6512637/6525623          ᠳᠠᠭᠠᠯᠳᠤᠭᠤᠯᠤᠯ᠄ ᠲᠠᠨᠢᠯᠴᠠᠭᠤᠯᠬᠤ ᠪᠢᠴᠢᠭ               ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠳᠤᠨ ᠤ ᠵᠠᠰᠠᠭ ᠤᠨ ᠣᠷᠳᠣᠨ ᠤ         ᠪᠠᠯᠠ ᠣᠷᠣᠭᠤᠯᠤᠯᠲᠠ ᠶᠢᠨ  ᠡᠵᠡᠩᠨᠡᠯᠲᠡ ᠶᠢᠨ ᠪᠤᠰᠤ ᠴᠢᠨᠠᠷᠳᠠᠢ ᠲᠦᠷᠦᠯ ᠵᠦᠢᠯ ᠢ ᠣᠷᠣᠯᠠᠨ ᠪᠠᠶᠢᠭᠤᠯᠬᠤ ᠲᠥᠪ                                                                2021 ᠣᠨ ᠤ 6 ᠳ᠋ᠤᠭᠠᠷ ᠰᠠᠷ᠎ᠠ ᠶᠢᠨ 2 ᠤ ᠡᠳᠦᠷ
ᠢᠷᠡᠯᠲᠡ᠄ ᠥᠪᠦᠷ ᠮᠣᠩᠭᠤᠯ ᠤᠨ ᠣᠷᠤᠨ ᠰᠠᠭᠤᠴᠠ ᠪᠣᠯᠤᠨ ᠬᠤᠲᠠ ᠬᠦᠳᠡᠭᠡ ᠶᠢᠨ ᠪᠥᠲᠦᠭᠡᠨ ᠪᠠᠶᠢᠭᠤᠯᠤᠯᠲᠠ ᠶᠢᠨ ᠲᠢᠩᠬᠢᠮ