ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ︽ᠪᠣᠬᠢᠷᠲᠤᠯ ᠥᠬᠡᠶ ᠪᠠᠷᠢᠯᠭ᠎ᠠ ᠶᠢᠨ ᠢᠨᠵᠧᠨᠧᠷᠢᠩ ᠢ ᠲᠤᠰᠬᠠᠶ ᠵᠦᠢᠯ ᠢᠶᠠᠷ ᠰᠢᠯᠭᠠᠨ ᠠᠪᠬᠤ ᠲᠦᠷᠢᠮ︾ ᠢ ᠢᠯᠡ ᠪᠠᠷ ᠰᠠᠨᠠᠯ ᠬᠤᠷᠢᠶᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠵᠠᠷ
ᠨᠡᠶᠢᠲᠡᠯᠡᠭᠰᠡᠨ ᠴᠠᠭ᠄
2021/7/29
                                ﹇2021﹈  113 ᠳ᠋ᠤᠭᠠᠷ ᠲᠣᠭᠠᠲᠤ           ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ︽2018 ᠣᠨ ᠤ ᠳᠣᠤᠷ᠎ᠠ ᠬᠠᠭᠠᠰ ᠵᠢᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠲᠣᠭᠲᠠᠭᠠᠬᠤ᠂ ᠵᠠᠰᠠᠪᠤᠷᠢ ᠣᠷᠣᠭᠤᠯᠬᠤ ᠲᠥᠷᠥᠯ ᠵᠦᠢᠯ ᠤᠨ ᠨᠡᠷᠡᠰ ᠢ ᠨᠡᠶᠢᠲᠡᠯᠡᠬᠦ ᠲᠤᠬᠠᠶ ᠮᠡᠳᠡᠭᠳᠡᠯ︾ ︵ᠥᠪᠥᠷ ᠪᠥᠲᠥᠭᠡᠨ ᠪᠠᠶᠢᠭᠤᠯᠤᠯᠲᠠ  ﹇2018﹈  337 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠢᠩᠬᠢᠮ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠮᠡᠷᠭᠡᠵᠢᠯ ‍ᠤᠨ‌ᠦᠢᠯᠡᠴᠢᠯᠡᠭᠡᠨ ᠤ ᠲᠥᠪ ᠢ ᠵᠣᠬᠢᠶᠠᠨ ᠪᠠᠶᠢᠭᠤᠯᠤᠨ ᠣᠷᠣᠨ ᠨᠤᠲᠤᠭ ᠤᠨ ᠪᠠᠷᠢᠮᠵᠢᠶ᠎ᠠ ︽ᠪᠣᠬᠢᠷᠲᠤᠯ ᠥᠬᠡᠶ ᠪᠠᠷᠢᠯᠭ᠎ᠠ ᠶᠢᠨ ᠢᠨᠵᠧᠨᠧᠷᠢᠩ ᠢ ᠲᠤᠰᠬᠠᠶ ᠵᠦᠢᠯ ᠢ ᠰᠢᠯᠭᠠᠨ ᠠᠪᠬᠤ ᠲᠦᠷᠢᠮ ︵ᠰᠠᠨᠠᠯ ᠬᠤᠷᠢᠶᠠᠬᠤ ᠨᠣᠤᠷᠠᠭ︶︾ ︵ᠳᠠᠭᠠᠯᠳᠤᠭᠤᠯᠤᠯ 1 ᠢ ᠦᠵᠡ︶ ᠢ ᠲᠤᠭᠤᠷᠪᠢᠵᠤ᠂ ᠡᠳᠦᠭᠡ ᠨᠡᠶᠢᠭᠡᠮ ᠨᠡᠶᠢᠲᠡ ᠠᠴᠠ ᠢᠯᠡ ᠪᠠᠷ ᠰᠠᠨᠠᠯ  ᠬᠤᠷᠢᠶᠠᠬᠤ ᠪᠠᠷ ᠪᠤᠯᠪᠠ᠂ ᠰᠠᠨᠠᠯ ᠤᠨ ᠬᠠᠷᠢᠭᠤ ᠲᠤᠰᠬᠠᠯ ᠤᠨ ᠳᠠᠭᠤᠰᠬᠤ ᠴᠠᠭ ᠨᠢ 2021 ᠣᠨ ᠤ 8 ᠳ᠋ᠤᠭᠠᠷ ᠰᠠᠷ᠎ᠠ ᠶᠢᠨ 26 ᠤ ᠡᠳᠦᠷ ᠪᠤᠯᠳᠠᠯ᠎ᠠ᠂ ᠬᠤᠭᠤᠴᠠᠭ᠎ᠠ ᠠᠴᠠ ᠬᠡᠲᠦᠷᠡᠪᠡᠯ ᠰᠠᠨᠠᠯ ᠥᠬᠡᠶ ᠪᠠᠷ ᠦᠵᠡᠨ᠎ᠡ᠃ ᠬᠤᠯᠪᠣᠭᠳᠠᠯ ᠪᠥᠬᠦᠶ ᠨᠢᠭᠡᠴᠢ ᠪᠠ ᠣᠯᠠᠨ ᠨᠡᠶᠢᠲᠡ ᠠᠴᠠ ︽ᠰᠠᠨᠠᠯ ᠤᠨ ᠬᠠᠷᠢᠭᠤ ᠲᠤᠰᠬᠠᠯ ᠤᠨ ᠬᠦᠰᠦᠨᠦᠭᠲᠦ︾ ︵ᠳᠠᠭᠠᠯᠳᠤᠭᠤᠯᠤᠯ 2 ᠢ ᠦᠵᠡ︶ ᠶᠢ ᠲᠠᠭᠯᠠᠵᠤ᠂ ᠳᠣᠤᠷᠠᠬᠢ ᠠᠷᠭ᠎ᠠ ᠵᠠᠮ ᠪᠠ ᠠᠷᠭ᠎ᠠ ᠮᠠᠶ᠋ᠢᠭ ᠢᠶᠠᠷ ᠬᠠᠷᠢᠭᠤ ᠲᠤᠰᠬᠠᠯ ᠤᠨ ᠰᠠᠨᠠᠯ ᠢᠶᠠᠨ ᠳᠤᠷᠠᠳᠴᠤ ᠪᠣᠯᠤᠨ᠎ᠠ᠃       ᠢᠮᠧᠯ᠄ nmzjzz@163.com       ᠵᠠᠬᠢᠳᠠᠯ ᠨᠡᠪᠲᠡᠷᠡᠬᠦ ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠴᠢᠩᠭᠢᠰ ᠬᠠᠭᠠᠨ ᠤ ᠵᠡᠭᠦᠨ ᠵᠡᠭᠡᠯᠢ ᠶᠢᠨ 15 ᠳ᠋ᠤᠭᠠᠷ ᠨᠣᠮᠧᠷᠲᠤ ᠪᠥᠲᠥᠭᠡᠨ ᠪᠠᠶᠢᠭᠤᠯᠤᠯᠲᠠ ᠶᠢᠨ ᠲᠣᠮᠣ ᠠᠰᠠᠷ ᠤᠨ A ᠰᠠᠭᠤᠳᠠᠯ ᠤᠨ 10 ᠳ᠋ᠤᠭᠠᠷ ᠲᠠᠪᠬᠤᠷᠯᠢᠭ ᠤᠨ 1019 ᠥᠷᠥᠭᠡ       ᠰᠢᠦᠳᠠᠨ ᠳ᠋ᠤᠭᠠᠷ᠄ 010060 ᠳᠠᠭᠠᠯᠳᠤᠭᠤᠯᠤᠯ᠄       1᠂ ᠪᠣᠬᠢᠷᠲᠤᠯ ᠥᠬᠡᠶ ᠪᠠᠷᠢᠯᠭ᠎ᠠ ᠶᠢᠨ ᠢᠨᠵᠧᠨᠧᠷᠢᠩ ᠢ ᠲᠤᠰᠬᠠᠶ ᠵᠦᠢᠯ ᠢᠶᠠᠷ ᠰᠢᠯᠭᠠᠨ ᠠᠪᠬᠤ ᠲᠦᠷᠢᠮ ︵ᠰᠠᠨᠠᠯ ᠬᠤᠷᠢᠶᠠᠬᠤ ᠨᠣᠤᠷᠠᠭ︶       2᠂ ᠰᠠᠨᠠᠯ ᠤᠨ ᠬᠠᠷᠢᠭᠤ ᠲᠤᠰᠬᠠᠯ ᠤᠨ ᠬᠦᠰᠦᠨᠦᠭ                                             2021 ᠣᠨ ᠤ 7 ᠳ᠋ᠤᠭᠠᠷ ᠰᠠᠷ᠎ᠠ ᠶᠢᠨ 26 ᠤ ᠡᠳᠦᠷ    
ᠢᠷᠡᠯᠲᠡ᠄ ᠥᠪᠦᠷ ᠮᠣᠩᠭᠤᠯ ᠤᠨ ᠣᠷᠤᠨ ᠰᠠᠭᠤᠴᠠ ᠪᠣᠯᠤᠨ ᠬᠤᠲᠠ ᠬᠦᠳᠡᠭᠡ ᠶᠢᠨ ᠪᠥᠲᠦᠭᠡᠨ ᠪᠠᠶᠢᠭᠤᠯᠤᠯᠲᠠ ᠶᠢᠨ ᠲᠢᠩᠬᠢᠮ