2021 ᠣᠨ ᠤ ᠬᠤᠷᠢᠨ ᠲᠠᠪᠤᠳᠤᠭᠠᠷ ᠪᠦᠯᠦᠭ ᠤᠨ ᠬᠥᠮᠦᠰ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠰᠠᠨᠠᠯ ᠤᠨ ᠲᠤᠬᠠᠶ  ᠠᠯᠪᠠᠨ ᠵᠠᠷ
ᠨᠡᠶᠢᠲᠡᠯᠡᠭᠰᠡᠨ ᠴᠠᠭ᠄
2021/8/2
      ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ︽ᠳᠠᠩᠰᠠᠯᠠᠭᠤᠯᠤᠭᠰᠠᠨ  ᠪᠠᠷᠢᠯᠭᠠᠴᠢᠨ ᠤ ᠬᠠᠮᠢᠶᠠᠷᠤᠯᠲᠠ ᠶᠢᠨ ᠲᠣᠭᠲᠠᠭᠠᠯ︾ ︵ᠪᠥᠲᠥᠭᠡᠨ ᠪᠠᠶᠢᠭᠤᠯᠤᠯᠲᠠ ᠶᠠᠮᠤᠨ ᠵᠠᠷᠯᠢᠭ 153 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠳᠡᠰ ᠤᠨ ᠪᠠᠷᠢᠯᠭᠠᠴᠢᠨ ᠤ ᠳᠡᠩᠰᠡᠯᠡᠯᠲᠡ ᠶᠢᠨ ᠬᠡᠷᠡᠭᠵᠢᠭᠦᠯᠬᠦ ᠠᠷᠭ᠎ᠠ︾ ︵ᠥᠪᠥᠷ ᠪᠥᠲᠥᠭᠡᠨ ᠪᠠᠶᠢᠭᠤᠯᠤᠯᠲᠠ ﹇2007﹈ 285 ᠳ᠋ᠤᠭᠠᠷ ᠲᠣᠭᠠᠲᠤ ︶ ᠶᠢ ᠦᠨᠳᠦᠰᠦᠯᠡᠨ᠂ ︽ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠲᠥᠷᠥᠯ ᠵᠦᠢᠯ ᠤᠨ ᠬᠠᠷᠢᠭᠤᠴᠠᠯᠭᠠᠲᠠᠨ ᠪᠠ ᠠᠶᠤᠯᠭᠦᠶ  ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠤᠰᠬᠠᠶ ᠲᠤᠰᠢᠶᠠᠯᠲᠤ ᠠᠵᠢᠯᠲᠠᠨ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠣᠭᠲᠠᠭᠠᠯ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠵᠠᠷᠯᠢᠭ 17 ᠳ᠋ᠤᠭᠠᠷ ᠲᠣᠭᠠᠲᠤ︶᠂ ︽ᠳᠠᠩᠰᠠᠯᠠᠭᠤᠯᠤᠭᠰᠠᠨ ᠪᠠᠷᠢᠯᠭ᠎ᠠ ᠶᠢᠨ ᠦᠨ᠎ᠡ ᠶᠢᠨ ᠢᠨᠵᠧᠨᠧᠷ ᠤᠨ ᠬᠠᠮᠢᠶᠠᠷᠤᠯᠲᠠ ᠶᠢᠨ ᠠᠷᠭ᠎ᠠ︾ ︵ᠪᠥᠲᠥᠭᠡᠨ ᠪᠠᠶᠢᠭᠤᠯᠤᠯᠲᠠ ᠶᠠᠮᠤᠨ ᠵᠠᠷᠯᠢᠭ 150 ᠳ᠋ᠤᠭᠠᠷ ᠲᠣᠭᠠᠲᠤ︶᠂ ︽ᠪᠥᠬᠦ ᠣᠷᠣᠨ ᠤ ᠪᠠᠷᠢᠯᠭ᠎ᠠ ᠪᠠᠷᠢᠬᠤ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠲᠥᠷᠥᠯ ᠵᠦᠢᠯ ᠤᠨ ᠬᠠᠷᠢᠭᠤᠴᠠᠯᠭᠠᠲᠠᠨ ᠪᠠ  ᠠᠶᠦᠯᠭᠦᠢ ᠦᠢᠯᠡᠳᠪᠦᠷᠢᠯᠡᠯ ᠤᠨ ᠲᠤᠰᠬᠠᠶ ᠲᠤᠰᠢᠶᠠᠯᠲᠤ ᠬᠠᠮᠢᠶᠠᠷᠤᠯᠲᠠ ᠶᠢᠨ ᠠᠵᠢᠯᠲᠠᠨ ᠤ ᠠᠶᠦᠯᠭᠦᠢ ᠦᠢᠯᠡᠳᠪᠦᠷᠢᠯᠡᠯ ᠢ ᠰᠢᠯᠭᠠᠨ ᠬᠢᠨᠠᠬᠤ ᠬᠠᠮᠢᠶᠠᠷᠤᠯᠲᠠ ᠶᠢᠨ ᠠᠵᠢᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ︾ ︵ᠥᠪᠥᠷ ᠪᠥᠲᠥᠭᠡᠨ ᠪᠠᠶᠢᠭᠤᠯᠤᠯᠲᠠ ﹇2016﹈ 221  ᠳ᠋ᠤᠭᠡᠷ ᠲᠣᠭᠠᠲᠤ︶᠂ ᠠᠵᠤ ᠠᠬᠤᠶᠢᠯᠠᠯ ᠭᠤᠶᠤᠴᠢᠯᠠᠨ ᠮᠡᠳᠡᠭᠦᠯᠬᠦ᠂ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠩᠬᠠᠨ ᠤ ᠬᠢᠨᠠᠯᠲᠠ ᠶᠢᠨ ᠰᠠᠭᠤᠷᠢᠨ ᠳᠡᠭᠡᠷ᠎ᠡ᠂ ᠰᠣ᠋ ᠽᠦᠩ ᠪᠦᠦ ᠵᠡᠷᠭᠡ 415 ᠬᠥᠮᠦᠨ ᠤ ᠪᠠᠷᠢᠯᠭ᠎ᠠ ᠶᠢᠨ ᠠᠵᠤ ᠠᠬᠤᠶᠢᠯᠠᠯ ᠤᠨ ︽ᠠᠶᠦᠯᠭᠦᠢ ᠶᠢᠨ ᠬᠠᠮᠢᠶᠠᠷᠤᠯᠲᠠ ᠶᠢᠨ ᠠᠵᠢᠯᠲᠠᠨ︾ ᠤ ᠠᠶᠦᠯᠭᠦᠢ ᠦᠢᠯᠡᠳᠪᠦᠷᠢᠯᠡᠯ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ᠂ ᠮᠠ ᠪᠢᠨ ᠪᠢᠨ ᠵᠡᠷᠭᠡ 40 ᠬᠥᠮᠦᠨ ᠬᠤᠶᠠᠳᠤᠭᠠᠷ ᠳᠡᠰ ᠤᠨ ᠪᠠᠷᠢᠯᠭᠠᠴᠢᠨ ᠳᠠᠩᠰᠠᠯᠠᠭᠤᠯᠬᠤ ᠨᠥᠬᠦᠴᠡᠯ ᠳᠤ  ᠨᠡᠶᠢᠴᠡᠭᠰᠡᠨ᠂ ᠯᠢ ᠵᠢᠤᠸᠠᠨ ᠵᠡᠷᠭᠡ 12 ᠬᠥᠮᠦᠨ ᠬᠤᠶᠠᠳᠤᠭᠠᠷ ᠳᠡᠰ ᠤᠨ ᠪᠠᠷᠢᠯᠭ᠎ᠠ ᠶᠢᠨ ᠦᠨ᠎ᠡ ᠶᠢᠨ ᠢᠨᠵᠧᠨᠧᠷ ᠤᠨ ᠳᠠᠩᠰᠠᠯᠠᠭᠤᠯᠬᠤ ᠨᠥᠬᠦᠴᠡᠯ ᠳᠤ ᠨᠡᠶᠢᠴᠡᠪᠡ︔ ᠵᠣᠣ ᠼᠠᠢ ᠶᠢᠩ ᠵᠡᠷᠭᠡ 85 ᠬᠥᠮᠦᠨ ᠤ ᠪᠠᠷᠢᠯᠭ᠎ᠠ ᠶᠢᠨ ᠠᠵᠤ ᠠᠬᠤᠶᠢᠯᠠᠯ ᠤᠨ ︽ᠠᠶᠦᠯᠭᠦᠢ ᠶᠢᠨ ᠬᠠᠮᠢᠶᠠᠷᠤᠯᠲᠠ ᠶᠢᠨ ᠠᠵᠢᠯᠲᠠᠨ︾ ᠤ ᠠᠶᠦᠯᠭᠦᠢ ᠦᠢᠯᠡᠳᠪᠦᠷᠢᠯᠡᠯ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠥᠬᠡᠶ᠂ ᠱᠣᠤ ᠯᠢ ᠪᠦᠦ ᠵᠡᠷᠭᠡ 2 ᠬᠥᠮᠦᠨ ᠬᠤᠶᠠᠳᠤᠭᠠᠷ ᠳᠡᠰ ᠤᠨ ᠪᠠᠷᠢᠯᠭᠠᠴᠢᠨ ᠳᠠᠩᠰᠠᠯᠠᠭᠤᠯᠬᠤ ᠨᠥᠬᠦᠴᠡᠯ ᠳᠤ ᠨᠡᠶᠢᠴᠡᠭᠰᠡᠨ ᠥᠬᠡᠶ᠂ ᠵᠠᠩ ᠰᠢᠨ ᠢᠦᠶ ᠵᠡᠷᠭᠡ 5 ᠬᠥᠮᠦᠨ ᠬᠤᠶᠠᠳᠤᠭᠠᠷ ᠳᠡᠰ ᠤᠨ ᠪᠠᠷᠢᠯᠭ᠎ᠠ ᠶᠢᠨ ᠦᠨ᠎ᠡ ᠶᠢᠨ ᠢᠨᠵᠧᠨᠧᠷ ᠤᠨ ᠳᠠᠩᠰᠠᠯᠠᠭᠤᠯᠬᠤ ᠨᠥᠬᠦᠴᠡᠯ ᠳᠤ ᠨᠡᠶᠢᠴᠡᠭᠰᠡᠨ ᠥᠬᠡᠶ᠂ ᠡᠳᠦᠭᠡ ᠨᠡᠷᠡᠰ ᠢ ᠵᠠᠷᠯᠠᠨ ᠨᠡᠶᠢᠲᠡᠯᠡᠶ᠎ᠡ᠃ ᠵᠠᠷᠯᠠᠨ ᠨᠡᠶᠢᠲᠡᠯᠡᠬᠦ ᠬᠤᠭᠤᠴᠠᠭ᠎ᠠ ᠨᠢ 2021 ᠣᠨ ᠤ 7 ᠳ᠋ᠤᠭᠠᠷ ᠰᠠᠷ᠎ᠠ ᠶᠢᠨ 30 ᠤ ᠡᠳᠦᠷ ᠤᠨ 17᠄ 30 ᠪᠤᠯᠳᠠᠯ᠎ᠠ᠃ ᠵᠠᠷᠯᠠᠨ ᠨᠡᠶᠢᠲᠡᠯᠡᠭᠰᠡᠨ ᠰᠠᠨᠠᠯ ᠳᠤ ᠣᠨᠳᠣᠤ ᠰᠠᠨᠠᠯ ᠲᠠᠢ ᠪᠤᠶᠤ ᠠᠰᠠᠭᠤᠳᠠᠯ ᠲᠠᠢ ᠪᠠᠶᠢᠪᠠᠯ᠂ ᠵᠥᠪᠲᠦᠭᠡᠨ ᠲᠣᠳᠣᠷᠬᠠᠶᠢᠯᠠᠬᠤ ᠪᠠᠷ ᠳᠤᠷᠠᠳᠴᠤ ᠪᠣᠯᠤᠨ᠎ᠠ᠂ ᠬᠢᠨᠠᠨ ᠪᠠᠶᠢᠴᠠᠭᠠᠭᠰᠠᠨ ᠰᠠᠨᠠᠯ ᠨᠢ ︽ᠬᠢᠷᠢ ᠲᠡᠩᠴᠡᠭᠰᠡᠨ ᠥᠬᠡᠶ︾ ᠬᠥᠮᠦᠰ ᠠᠶᠢᠮᠠᠭ ᠬᠤᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠣᠳᠠᠲᠠᠶ ᠬᠢᠨᠠᠨ ᠪᠠᠶᠢᠴᠠᠭᠠᠭᠰᠠᠨ ᠰᠠᠨᠠᠯ ᠢ ᠯᠠᠪᠯᠠᠨ ᠠᠰᠠᠭᠤᠵᠤ ᠪᠣᠯᠤᠨ᠎ᠠ᠃       ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠶᠠᠮᠠᠷᠪᠠ ᠨᠢᠭᠡᠴᠢ ᠪᠠ ᠬᠤᠪᠢ ᠬᠥᠮᠦᠨ ᠵᠠᠷᠯᠠᠨ ᠨᠡᠶᠢᠲᠡᠯᠡᠬᠦ ᠨᠡᠷᠡᠰ ᠲᠤ ᠣᠨᠳᠣᠤ ᠰᠠᠨᠠᠯ ᠲᠠᠢ ᠪᠠᠶᠢᠪᠠᠯ᠂ ᠴᠥᠮ ᠮᠠᠨ ᠤ ᠲᠢᠩᠬᠢᠮ ᠳᠤ ᠪᠠᠶᠢᠳᠠᠯ ᠢᠶᠠᠨ ᠲᠤᠰᠬᠠᠵᠤ ᠪᠣᠯᠤᠨ᠎ᠠ᠂ ᠲᠤᠰᠬᠠᠭᠰᠠᠨ ᠪᠠᠶᠢᠳᠠᠯ ᠨᠢ ᠦᠨᠡᠨ ᠠᠴᠠ ᠵᠥᠪ ᠢ ᠡᠷᠢᠬᠦ ᠬᠡᠷᠡᠭᠲᠡᠶ᠃ ᠨᠢᠭᠡᠴᠢ ᠶᠢᠨ ᠨᠡᠷ᠎ᠡ ᠪᠠᠷ ᠪᠠᠶᠢᠳᠠᠯ ᠢ ᠲᠤᠰᠬᠠᠭᠰᠠᠨ ᠪᠠᠶᠢᠪᠠᠯ᠂ ᠨᠢᠭᠡᠴᠢ ᠶᠢᠨ ᠠᠯᠪᠠᠨ ᠲᠠᠮᠠᠭ᠎ᠠ ᠶᠢ ᠪᠠᠶᠢᠬᠤ ᠬᠡᠷᠡᠭᠲᠡᠶ︔ ᠬᠤᠪᠢ ᠬᠥᠮᠦᠨ ᠤ ᠨᠡᠷ᠎ᠡ ᠪᠠᠷ ᠪᠠᠶᠢᠳᠠᠯ ᠢ ᠲᠤᠰᠬᠠᠭᠰᠠᠨ ᠪᠠᠶᠢᠪᠠᠯ᠂ ᠦᠨᠡᠨ ᠪᠣᠳᠠᠲᠠᠶ ᠤᠪᠤᠭ ᠨᠡᠷ᠎ᠡ ᠪᠠ ᠬᠠᠷᠢᠯᠴᠠᠬᠤ ᠤᠲᠠᠰᠤ ᠪᠠᠨ ᠪᠢᠴᠢᠬᠦ ᠬᠡᠷᠡᠭᠲᠡᠶ᠃       ᠬᠠᠷᠢᠯᠴᠠᠬᠤ ᠤᠲᠠᠰᠤ᠄ 0471-- 5332426       ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ ᠶᠢᠨ 6 ᠳ᠋ᠤᠭᠠᠷ ᠨᠣᠮᠧᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠣᠪᠴᠢᠶ᠎ᠠ ᠶᠢᠨ 12 ᠳ᠋ᠤᠭᠠᠷ ᠠᠰᠠᠷ ᠤᠨ 33᠂ 34᠂ 35 ᠳ᠋ᠤᠭᠠᠷ ᠴᠣᠩᠬᠤ ᠳᠠᠭᠠᠯᠳᠤᠭᠤᠯᠤᠯ᠄ 1᠂ ᠰᠣ᠋ ᠽᠦᠩ ᠪᠦᠦ ᠵᠡᠷᠭᠡ 415 ᠬᠥᠮᠦᠨ ᠤ ᠪᠠᠷᠢᠯᠭ᠎ᠠ ᠪᠠᠷᠢᠬᠤ ᠠᠵᠤ ᠠᠬᠤᠶᠢᠯᠠᠯ ᠤᠨ ︽ᠠᠶᠦᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ︾ ᠤ ᠠᠶᠦᠯᠭᠦᠢ ᠦᠢᠯᠡᠳᠪᠦᠷᠢᠯᠡᠯ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠬᠥᠮᠦᠰ ᠤᠨ ᠨᠡᠷᠡᠰ 2᠂ ᠮᠠ ᠪᠢᠨ ᠪᠢᠨ ᠵᠡᠷᠭᠡ 40 ᠬᠥᠮᠦᠨ ᠬᠤᠶᠠᠳᠤᠭᠠᠷ ᠳᠡᠰ ᠤᠨ ᠪᠠᠷᠢᠯᠭᠠᠴᠢᠨ ᠳᠠᠩᠰᠠᠯᠠᠭᠤᠯᠬᠤ ᠨᠥᠬᠦᠴᠡᠯ ᠳᠤ ᠨᠡᠶᠢᠴᠡᠭᠰᠡᠨ ᠬᠥᠮᠦᠰ ᠤᠨ ᠨᠡᠷᠡᠰ 3᠂ ᠵᠣᠤ ᠼᠠᠢ ᠶᠢᠩ ᠵᠡᠷᠭᠡ 85 ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ ᠤᠨ ᠠᠶᠤᠯᠭᠦᠶ ᠶᠢᠨ ᠬᠠᠮᠢᠶᠠᠷᠤᠯᠲᠠ ᠶᠢᠨ ᠠᠵᠢᠯᠲᠠᠳ ᠤ ᠠᠶᠤᠯᠭᠦᠶ ᠦᠢᠯᠡᠳᠪᠦᠷᠢᠯᠡᠯ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠣᠢᠭᠡᠢ ᠬᠦᠢᠮᠣᠠ ᠤ ᠨᠡᠷᠡᠰ 4᠂ ᠱᠣᠣ ᠯᠢ ᠪᠦᠦ ᠵᠡᠷᠭᠡ 2 ᠬᠥᠮᠦᠨ ᠬᠤᠶᠠᠳᠤᠭᠠᠷ ᠳᠡᠰ ᠤᠨ ᠪᠠᠷᠢᠯᠭᠠᠴᠢᠨ ᠤ ᠳᠠᠩᠰᠠᠯᠠᠭᠤᠯᠬᠤ ᠨᠥᠬᠦᠴᠡᠯ ᠳᠤ  ᠨᠡᠶᠢᠴᠡᠭᠰᠡᠨ ᠦᠭᠡᠢ ᠬᠥᠮᠦᠰ ᠤᠨ ᠨᠡᠷᠡᠰ 5᠂ ᠯᠢ ᠵᠢᠤᠸᠠᠨ ᠵᠡᠷᠭᠡ 12 ᠬᠥᠮᠦᠨ ᠤ ᠬᠤᠶᠠᠳᠤᠭᠠᠷ ᠳᠡᠰ ᠤᠨ ᠪᠠᠷᠢᠯᠭ᠎ᠠ ᠶᠢᠨ ᠦᠨ᠎ᠡ ᠶᠢᠨ ᠢᠨᠵᠧᠨᠧᠷ ᠤᠨ ᠳᠠᠩᠰᠠᠯᠠᠭᠤᠯᠬᠤ ᠨᠥᠬᠦᠴᠡᠯ ᠳᠤ ᠨᠡᠶᠢᠴᠡᠭᠰᠡᠨ ᠬᠥᠮᠦᠰ ᠤᠨ ᠨᠡᠷᠡᠰ 6᠂ ᠵᠠᠩ ᠰᠢᠨ ᠢᠦᠶ ᠵᠡᠷᠭᠡ 5 ᠬᠥᠮᠦᠨ ᠬᠤᠶᠠᠳᠤᠭᠠᠷ ᠳᠡᠰ ᠤᠨ ᠪᠠᠷᠢᠯᠭ᠎ᠠ ᠶᠢᠨ ᠦᠨ᠎ᠡ ᠶᠢᠨ ᠢᠨᠵᠧᠨᠧᠷ ᠤᠨ ᠳᠠᠩᠰᠠᠯᠠᠭᠤᠯᠬᠤ ᠨᠥᠬᠦᠴᠡᠯ ᠳᠤ  ᠨᠡᠶᠢᠴᠡᠭᠰᠡᠨ ᠦᠭᠡᠢ ᠬᠥᠮᠦᠰ ᠤᠨ ᠨᠡᠷᠡᠰ                                          2021 ᠣᠨ ᠤ 7 ᠳ᠋ᠤᠭᠠᠷ ᠰᠠᠷ᠎ᠠ ᠶᠢᠨ 23 ᠤ ᠡᠳᠦᠷ
ᠢᠷᠡᠯᠲᠡ᠄ ᠥᠪᠦᠷ ᠮᠣᠩᠭᠤᠯ ᠤᠨ ᠣᠷᠤᠨ ᠰᠠᠭᠤᠴᠠ ᠪᠣᠯᠤᠨ ᠬᠤᠲᠠ ᠬᠦᠳᠡᠭᠡ ᠶᠢᠨ ᠪᠥᠲᠦᠭᠡᠨ ᠪᠠᠶᠢᠭᠤᠯᠤᠯᠲᠠ ᠶᠢᠨ ᠲᠢᠩᠬᠢᠮ