ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠪᠤᠯᠤᠨ ᠤᠯᠤᠰ ᠤᠨ ᠴᠠᠬᠢᠯᠭᠠᠨ ᠲᠣᠤᠷ ᠤᠨ ᠮᠧᠩ ᠳ᠋ᠦᠩ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ ᠠᠷᠢᠭᠤᠨ ᠴᠡᠪᠡᠷ ᠳᠤᠯᠠᠭᠠᠯᠠᠭ᠎ᠠ ᠬᠠᠩᠭᠠᠬᠤ ᠵᠡᠷᠭᠡ ᠤᠴᠢᠷ ᠶᠠᠪᠤᠳᠠᠯ ᠤᠨ ᠲᠤᠬᠠᠶ ᠶᠠᠷᠢᠯᠴᠠᠵᠤ ᠰᠠᠨᠠᠯ ᠢᠶᠠᠨ ᠰᠣᠯᠢᠯᠴᠠᠪᠠ
ᠨᠡᠶᠢᠲᠡᠯᠡᠭᠰᠡᠨ ᠴᠠᠭ᠄
2021/9/17
      9 ᠳ᠋ᠤᠭᠡᠷ ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠪᠤᠯᠤᠨ ᠤᠯᠤᠰ ᠤᠨ ᠴᠠᠬᠢᠯᠭᠠᠨ ᠲᠣᠤᠷ ᠤᠨ ᠮᠧᠩ ᠳ᠋ᠦᠩ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ ᠠᠷᠢᠭᠤᠨ ᠴᠡᠪᠡᠷ ᠳᠤᠯᠠᠭᠠᠯᠭ᠎ᠠ ᠬᠠᠩᠭᠠᠬᠤ ᠵᠡᠷᠭᠡ ᠤᠴᠢᠷ ᠶᠠᠪᠤᠳᠠᠯ ᠤᠨ ᠲᠤᠬᠠᠶ ᠶᠠᠷᠢᠯᠴᠠᠵᠤ ᠰᠠᠨᠠᠯ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠹᠧᠩ ᠷᠧᠨ ᠹᠸᠢ᠂ ᠤᠯᠤᠰ ᠤᠨ ᠴᠠᠬᠢᠯᠭᠠᠨ ᠲᠣᠤᠷ ᠤᠨ ᠮᠧᠩ ᠳ᠋ᠦᠩ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠵᠠᠩ ᠴᠧᠩ ᠰᠥᠩ ᠶᠠᠷᠢᠯᠴᠠᠬᠤ ᠬᠤᠷᠠᠯ ᠳᠤ ᠣᠷᠣᠯᠴᠠᠪᠠ᠃
md.jpg
      ᠬᠤᠶᠠᠷ ᠲᠠᠯ᠎ᠠ ᠪᠠᠷ ᠢᠶᠠᠨ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠴᠠᠬᠢᠯᠭᠠᠨ ᠢᠶᠠᠷ ᠠᠷᠢᠭᠤᠨ ᠴᠡᠪᠡᠷ ᠢᠯᠴᠢ ᠬᠠᠩᠭᠠᠬᠤ᠂ ᠬᠤᠲᠠ ᠪᠠᠯᠭᠠᠰᠤᠨ ᠤ ᠬᠠᠭᠤᠴᠢᠨ ᠵᠢᠵᠢᠭ ᠲᠣᠭᠤᠷᠢᠭ ᠤᠨ ᠴᠠᠬᠢᠯᠭᠠᠨ ᠬᠠᠩᠭᠠᠬᠤ ᠲᠥᠬᠦᠭᠡᠷᠦᠮᠵᠢ ᠶᠢ ᠭᠥᠯᠢᠶᠡᠨ ᠠᠪᠬᠤ ᠪᠠ ᠥᠭᠡᠷᠡᠴᠢᠯᠡᠬᠦ᠂ ᠴᠠᠬᠢᠯᠭᠠᠨ ᠬᠦᠴᠦᠨ ᠤ ᠮᠡᠳᠡᠭᠦᠯᠦᠨ ᠤᠭᠰᠠᠷᠠᠬᠤ ᠲᠤᠬᠠᠶᠢᠯᠠᠭᠰᠠᠨ ᠠᠵᠢᠯ ᠢ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠬᠢᠨᠠᠨ ᠬᠠᠮᠢᠶᠠᠷᠬᠤ ᠰᠢᠰᠲ᠋ᠧᠮ ᠳᠤ ᠵᠠᠯᠭᠠᠨ ᠣᠷᠣᠭᠤᠯᠬᠤ ᠵᠡᠷᠭᠡ ᠤᠴᠢᠷ ᠶᠠᠪᠤᠳᠠᠯ ᠤᠨ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠪᠠ᠃
md1.jpg
      ᠬᠤᠶᠠᠷ ᠲᠠᠯ᠎ᠠ ᠪᠠᠷ ᠢᠶᠠᠨ᠂ ᠠᠷᠢᠭᠤᠨ ᠴᠡᠪᠡᠷ ᠳᠤᠯᠠᠭᠠᠯᠠᠭ᠎ᠠ ᠬᠠᠩᠭᠠᠬᠤ ᠪᠣᠯ ᠨᠢᠭᠡ ᠵᠦᠢᠯ ᠤᠨ ᠴᠢᠬᠤᠯᠠ ᠶᠡᠭᠡ ᠣᠷᠴᠢᠨ ᠲᠣᠭᠤᠷᠢᠨ ᠤ ᠬᠠᠮᠠᠭᠠᠯᠠᠯᠲᠠ ᠶᠢᠨ ᠢᠨᠵᠧᠨᠧᠷᠢᠩ᠂ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠂ ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢ ᠪᠡᠶᠡᠯᠡᠭᠦᠯᠬᠦ ᠠᠬᠤᠢ ᠪᠠᠶᠢᠳᠠᠯ ᠳᠣᠣᠷ᠎ᠠ ᠨᠡᠩ ᠲᠤᠯᠭᠠᠮ᠎ᠠ ᠴᠢᠨᠠᠷ ᠲᠠᠢ ᠶᠤᠮ ᠭᠡᠵᠦ ᠰᠠᠨᠠᠯ ᠨᠢᠭᠡᠲᠡᠢ ᠦᠵᠡᠪᠡ᠃ ᠳᠠᠷᠠᠭᠠᠴᠢ ᠶᠢᠨ ᠠᠯᠬᠤᠮ ᠳᠤ᠂ ᠬᠤᠶᠠᠷ ᠲᠠᠯ᠎ᠠ ᠪᠠᠷ ᠢᠶᠠᠨ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠮᠠᠨ ᠤ ᠣᠷᠣᠨ ᠤ ᠰᠠᠯᠬᠢᠨ ᠬᠦᠴᠦᠨ ᠤ ᠴᠠᠬᠢᠯᠭᠠᠨ᠂ ᠨᠡᠷᠡᠨ ᠤ ᠡᠨᠧᠷᠭᠢ ᠵᠡᠷᠭᠡ ᠴᠡᠪᠡᠷ ᠡᠨᠧᠷᠭᠢ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠴᠠᠬᠢᠯᠭᠠᠨ ᠢᠯᠴᠢ ᠪᠠᠷ ᠠᠷᠢᠭᠤᠨ ᠴᠡᠪᠡᠷ ᠢᠯᠴᠢ ᠬᠠᠩᠭᠠᠬᠤ ᠶᠢ ᠠᠬᠢᠭᠤᠯᠵᠤ᠂ ᠠᠷᠢᠭᠤᠨ ᠴᠡᠪᠡᠷ ᠢᠯᠴᠢ ᠬᠠᠩᠭᠠᠬᠤ ᠬᠤᠪᠢ ᠶᠢᠨ ᠵᠢᠩ ᠢ ᠴᠢᠨᠠᠭᠰᠢᠳᠠ ᠳᠡᠭᠡᠭᠰᠢᠯᠡᠭᠦᠯᠵᠦ᠂ ᠦᠨᠡᠨᠬᠦ ᠠᠵᠤ ᠠᠬᠤᠢ ᠳᠤ ᠦᠢᠯᠡᠴᠢᠯᠡᠵᠦ᠂ ᠠᠷᠠᠳ ᠤᠨ ᠠᠮᠢᠳᠤᠷᠠᠯ ᠳᠤ ᠦᠢᠯᠡᠴᠢᠯᠡᠵᠦ᠂ ᠪᠣᠬᠢᠷᠲᠤᠯ ᠦᠭᠡᠢ ᠬᠥᠭᠵᠢᠯᠲᠡ ᠳᠤ ᠦᠢᠯᠡᠴᠢᠯᠡᠨ᠎ᠡ ᠭᠡᠵᠦ ᠢᠯᠡᠷᠬᠡᠶᠢᠯᠡᠪᠡ᠃
md2.jpg
      ᠵᠠᠩ ᠴᠧᠩ ᠰᠦᠩ ᠨᠡᠷ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠭᠠᠴᠢᠯᠠᠭᠰᠠᠨ ᠬᠡᠷᠡᠭᠯᠡᠭᠡᠨ ᠤ ᠲᠥᠪ ᠢ ᠲᠣᠭᠤᠷᠢᠨ ᠦᠵᠡᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠤᠭ᠎ᠠ ᠪᠠᠷᠢᠮᠲᠠ ᠶᠢᠨ ᠲᠠᠪᠴᠠᠩ ᠤᠨ ᠪᠠᠶᠢᠭᠤᠯᠤᠯᠲᠠ ᠪᠠ ᠬᠡᠷᠡᠭᠯᠡᠯᠳᠡ ᠶᠢᠨ ᠪᠠᠶᠢᠳᠠᠯ ᠢ ᠣᠶᠢᠯᠠᠭᠠᠪᠠ᠃
md3.jpg
      ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠤᠯᠤᠰ ᠤᠨ ᠴᠠᠬᠢᠯᠭᠠᠨ ᠲᠣᠤᠷ ᠤᠨ ᠮᠧᠩ ᠳ᠋ᠦᠩ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ ᠶᠢᠨ ᠬᠠᠮᠢᠶ᠎ᠠ ᠪᠥᠬᠦᠶ ᠭᠠᠵᠠᠷ ᠬᠡᠷ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ