ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠬᠢᠭᠡᠳ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠪᠠ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠤᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠬᠠᠮᠢᠶ᠎ᠠ ᠪᠥᠬᠦᠶ ᠠᠵᠢᠯ ᠤᠨ ᠲᠤᠬᠠᠶ ᠶᠠᠷᠢᠯᠴᠠᠭᠠᠨ ᠤ ᠬᠤᠷᠠᠯ ᠬᠢᠪᠡ
ᠨᠡᠶᠢᠲᠡᠯᠡᠭᠰᠡᠨ ᠴᠠᠭ᠄
2021/9/18
      9 ᠳ᠋ᠤᠭᠡᠷ ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠪᠣᠯᠤᠨ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠪᠠ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠬᠠᠮᠢᠶ᠎ᠠ ᠪᠥᠬᠦᠶ ᠠᠵᠢᠯ ᠤᠨ ᠲᠤᠬᠠᠶ ᠶᠠᠷᠢᠯᠴᠠᠨ ᠰᠠᠨᠠᠯ ᠰᠣᠯᠢᠯᠴᠠᠪᠠ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠹᠧᠩ ᠷᠧᠨ ᠹᠸᠢ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠣᠣ ᠳ᠋ᠠ ᠶᠦᠩ ᠶᠠᠷᠢᠯᠴᠠᠭᠠᠨ ᠤ ᠬᠤᠷᠠᠯ ᠳᠤ ᠣᠷᠣᠯᠴᠠᠪᠠ᠃
zr.jpg
      ᠶᠠᠷᠢᠯᠴᠠᠭᠠᠨ ᠤ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠲᠦᠷᠦ ᠶᠢᠨ ᠶᠠᠪᠤᠳᠠᠯ ᠤᠨ ᠬᠤᠷᠢᠶᠠᠨ ᠤ ᠶᠡᠭᠡ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠥᠪᠡᠷᠲᠡᠭᠡᠨ ᠵᠠᠰᠠᠬᠤ ᠣᠷᠣᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠠᠮᠢᠶ᠎ᠠ ᠪᠦᠬᠦᠢ ᠡᠭᠦᠷᠭᠡ ᠶᠢ ᠰᠠᠶᠢᠲᠤᠷ ᠬᠢᠬᠦ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠦᠯᠦ ᠬᠥᠳᠡᠯᠬᠦ ᠬᠦᠷᠦᠩᠭᠡ ᠶᠢ ᠳᠠᠩᠰᠠᠯᠠᠬᠤ ᠳᠤ ︽ᠨᠢᠭᠡ ᠴᠣᠩᠬᠤ ᠪᠠᠷ ᠬᠦᠯᠢᠶᠡᠨ ᠠᠪᠴᠤ ᠰᠢᠢᠳᠪᠦᠷᠢᠯᠡᠬᠦ ᠶᠢ ᠵᠡᠷᠭᠡᠪᠡᠷ ᠭᠦᠢᠴᠡᠳᠬᠡᠬᠦ︾ ᠰᠢᠰᠲ᠋ᠧᠮ ᠢ ᠵᠣᠯᠭᠠᠭᠤᠯᠬᠤ ᠵᠢᠴᠢ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ᠂ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠲᠤᠭ᠎ᠠ ᠪᠠᠷᠢᠮᠲᠠ ᠶᠢ ᠬᠤᠯᠪᠣᠯᠳᠤᠭᠤᠯᠤᠨ ᠨᠡᠪᠲᠡᠷᠡᠭᠦᠯᠬᠦ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠤᠨ ᠲᠣᠭᠤᠷᠢᠨ ᠳᠤ᠂ ᠵᠦᠢᠯ ᠳᠠᠷᠠᠭᠠᠯᠠᠨ ᠰᠢᠢᠳᠪᠦᠷᠢᠯᠡᠬᠦ ᠲᠥᠰᠦᠯ ᠢ ᠰᠤᠳᠤᠯᠤᠨ ᠲᠣᠭᠲᠠᠭᠠᠪᠠ᠃ ᠬᠤᠶᠠᠷ ᠲᠠᠯ᠎ᠠ ᠪᠠᠷ ᠢᠶᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠵᠤ᠂ ᠤᠷᠳᠤ ᠬᠤᠭᠤᠴᠠᠭᠠᠨ ᠤ ᠪᠦᠲᠦᠮᠵᠢᠲᠡᠢ ᠤᠯᠤᠯᠴᠠᠬᠤ ᠲᠣᠭᠲᠠᠴᠠ ᠶᠢ ᠪᠠᠶᠢᠭᠤᠯᠵᠤ᠂ ᠮᠥᠷᠳᠡᠨ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠬᠦᠴᠦᠷᠬᠡᠭ ᠶᠡᠭᠡ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠲᠣᠭᠲᠠᠭᠰᠠᠨ ᠬᠤᠭᠤᠴᠠᠭᠠᠨ ᠳᠤ ᠡᠯ᠎ᠡ ᠵᠦᠢᠯ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠬᠠᠮᠲᠤᠪᠠᠷ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠬᠠᠮᠤᠭ ᠤᠨ ᠶᠡᠭᠡ ᠬᠡᠮᠵᠢᠶ᠎ᠡ ᠪᠠᠷ ᠠᠵᠤ ᠠᠬᠤᠶᠢᠯᠠᠯ ᠳᠤ ᠠᠰᠢᠭᠲᠠᠢ ᠠᠷᠠᠳ ᠲᠤ ᠲᠦᠬᠦᠮ ᠦᠵᠡᠭᠦᠯᠦᠨ᠎ᠡ ᠭᠡᠵᠦ ᠢᠯᠡᠳᠬᠡᠵᠡᠭᠡᠪᠡ᠃
zr1.jpg
zr2.jpg 
     ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠣᠷᠣᠯᠠᠨ ᠪᠥᠲᠥᠭᠡᠨ ᠪᠠᠶᠢᠭᠤᠯᠬᠤ ᠲᠥᠪ ᠤᠨ ᠡᠷᠬᠢᠯᠡᠭᠴᠢ ᠵᠠᠩ ᠾᠧ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠲᠢᠶᠠᠨ ᠶᠧ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠠᠮᠢᠶ᠎ᠠ ᠪᠥᠬᠦᠶ ᠭᠠᠵᠠᠷ ᠬᠡᠷ ᠪᠠ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠶᠠᠷᠢᠯᠴᠠᠭᠠᠨ ᠤ ᠬᠤᠷᠠᠯ ᠳᠤ ᠣᠷᠣᠯᠴᠠᠪᠠ᠃
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ