2021 ᠣᠨ ᠤ ᠬᠤᠶᠠᠳᠤᠭᠠᠷ ᠪᠦᠯᠦᠭ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠲᠣᠭᠲᠠᠭᠠᠵᠤ ᠵᠠᠰᠠᠪᠤᠷᠢ ᠣᠷᠣᠭᠤᠯᠬᠤ ᠲᠥᠷᠥᠯ ᠵᠦᠢᠯ ᠤᠨ ᠲᠥᠯᠥᠪᠯᠡᠭᠡ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2021/9/19
      ᠦᠪᠦᠷ ᠪᠠᠶᠢᠭᠤᠯᠤᠯᠳᠠ ᠪᠠᠷᠢᠮᠵᠢᠶ᠎ᠠ  ﹇2021﹈ 183 ᠳ᠋ᠤᠭᠠᠷ ᠲᠣᠭᠠᠲᠤ     2021 ᠣᠨ ᠤ ᠬᠤᠶᠠᠳᠤᠭᠠᠷ ᠪᠦᠯᠦᠭ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠲᠣᠭᠲᠠᠭᠠᠵᠤ ᠵᠠᠰᠠᠪᠤᠷᠢ ᠣᠷᠣᠭᠤᠯᠬᠤ ᠲᠥᠷᠥᠯ ᠵᠦᠢᠯ ᠤᠨ ᠲᠥᠯᠥᠪᠯᠡᠭᠡ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ     ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠡᠯ᠎ᠡ ᠬᠤᠯᠪᠣᠭᠳᠠᠯ ᠪᠥᠬᠦᠶ ᠨᠢᠭᠡᠴᠢ ᠳᠤ᠄       ︽2021 ᠣᠨ ᠤ ᠬᠤᠶᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠲᠥᠯᠥᠪᠯᠡᠭᠡ ᠶᠢᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ︾ ︵ᠥᠪᠥᠷ ᠪᠠᠶᠢᠭᠤᠯᠤᠯᠲᠠ ᠪᠠᠷᠢᠮᠵᠢᠶ᠎ᠠ ﹇2021﹈  124 ᠳ᠋ᠤᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠡᠯ᠎ᠡ ᠠᠶᠢᠮᠠᠭ ᠬᠤᠲᠠ ᠨᠤᠭᠤᠳ ᠪᠥᠬᠦ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠲᠥᠷᠥᠯ ᠵᠦᠢᠯ ᠢ ᠵᠣᠬᠢᠶᠠᠨ ᠪᠠᠶᠢᠭᠤᠯᠤᠨ ᠳᠡᠭᠡᠭᠰᠢ ᠮᠡᠳᠡᠭᠦᠯᠪᠡ᠃ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠬᠢᠨᠠᠨ ᠰᠢᠯᠭᠠᠷᠠᠭᠤᠯᠬᠤ ᠪᠠᠷ ᠳᠡᠮᠵᠢᠨ᠂ ᠡᠳᠦᠭᠡ ᠰᠤᠳᠤᠯᠤᠨ ᠪᠠᠲᠤᠯᠠᠭᠰᠠᠨ ︽2021 ᠣᠨ ᠤ ᠬᠤᠶᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠲᠥᠷᠥᠯ ᠵᠦᠢᠯ ᠤᠨ ᠲᠥᠯᠥᠪᠯᠡᠭᠡ ᠶᠢᠨ ᠬᠦᠰᠦᠨᠦᠭᠲᠦ︾ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠃ ᠡᠯ᠎ᠡ ᠬᠤᠯᠪᠣᠭᠳᠠᠬᠤ ᠠᠶᠢᠮᠠᠭ ᠬᠤᠳᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠵᠢᠭᠠᠨ ᠵᠢᠯᠣᠭᠤᠳᠴᠤ ᠰᠢᠮᠳᠠᠭᠤᠯᠬᠤ ᠪᠠᠷᠢᠮᠵᠢᠶ᠎ᠠ ᠶᠢ ᠲᠤᠭᠤᠷᠪᠢᠨ ᠪᠢᠴᠢᠬᠦ ᠨᠢᠭᠡᠴᠢ ᠨᠦᠭᠦᠳ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠬᠡᠨ ᠪᠠᠶᠢᠭᠤᠯᠤᠯᠲᠠ ᠶᠢᠨ ᠶᠠᠮᠤᠨ ᠤ ︽ᠪᠠᠷᠢᠯᠭ᠎ᠠ ᠶᠢᠨ ᠪᠦᠳᠦᠬᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠨᠠᠶᠢᠷᠠᠭᠤᠯᠤᠨ ᠪᠢᠴᠢᠬᠦ ᠲᠣᠭᠲᠠᠭᠠᠯ︾ ︵ᠪᠠᠶᠢᠭᠤᠯᠤᠯᠳᠠ ᠪᠠᠷᠢᠮᠵᠢᠶ᠎ᠠ ﹇2008﹈ 182 ᠳ᠋ᠤᠭᠠᠷ ᠲᠣᠭᠠᠲᠤ︶᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠬᠡᠨ ᠪᠠᠶᠢᠭᠤᠯᠤᠯᠲᠠ ᠶᠢᠨ ᠲᠢᠩᠬᠢᠮ ᠤᠨ ︽ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠪᠦᠳᠦᠬᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠨᠠᠶᠢᠷᠠᠭᠤᠯᠤᠨ ᠵᠣᠬᠢᠶᠠᠬᠤ ᠠᠵᠢᠯ ᠤᠨ ᠶᠠᠪᠤᠴᠠ︾ ︵ᠦᠪᠦᠷ ᠪᠠᠶᠢᠭᠤᠯᠤᠯᠳᠠ ᠪᠠᠷᠢᠮᠵᠢᠶ᠎ᠠ ﹇2021﹈ 62 ᠳ᠋ᠤᠭᠠᠷ ᠲᠣᠭᠠᠲᠤ︶ ᠶᠢᠨ ᠱᠠᠭᠠᠷᠳᠠᠯᠭ᠎ᠠ ᠶᠣᠰᠣᠭᠠᠷ ︽ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠪᠦᠳᠦᠬᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠨᠠᠶᠢᠷᠠᠭᠤᠯᠤᠨ ᠵᠣᠬᠢᠶᠠᠬᠤ ᠠᠵᠢᠯ ᠤᠨ ᠶᠠᠪᠤᠴᠠ︾ ︵ᠦᠪᠦᠷ ᠪᠠᠶᠢᠭᠤᠯᠤᠯᠳᠠ ᠪᠠᠷᠢᠮᠵᠢᠶ᠎ᠠ ﹇2021﹈ 62 ᠳ᠋ᠤᠭᠠᠷ ᠲᠣᠭᠠᠲᠤ︶ ᠶᠢᠨ ᠱᠠᠭᠠᠷᠳᠠᠯᠭ᠎ᠠ ᠶᠣᠰᠣᠭᠠᠷ᠂ ᠪᠠᠷᠢᠮᠵᠢᠶ᠎ᠠ ᠶᠢ ᠨᠠᠶᠢᠷᠠᠭᠤᠯᠤᠨ ᠵᠣᠬᠢᠶᠠᠬᠤ ᠠᠬᠢᠴᠠ ᠶᠢ ᠲᠦᠷᠭᠡᠳᠬᠡᠵᠦ᠂ ᠨᠠᠶᠢᠷᠠᠭᠤᠯᠤᠨ ᠵᠣᠬᠢᠶᠠᠬᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠬᠠᠮᠲᠤ᠂ ᠪᠠᠷᠢᠮᠵᠢᠶ᠎ᠠ ᠶᠢ ᠨᠠᠶᠢᠷᠠᠭᠤᠯᠤᠨ ᠵᠣᠬᠢᠶᠠᠬᠤ ᠡᠯ᠎ᠡ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠢᠭ ᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠬᠠᠮᠢᠶᠠᠷᠤᠯᠲᠠ ᠶᠢᠨ ᠰᠢᠰᠲ᠋ᠧᠮ︾ ᠳᠤ ᠴᠠᠭ ᠲᠤᠬᠠᠶ ᠳᠤᠨᠢ ᠲᠡᠮᠳᠡᠭᠯᠡᠨ ᠨᠠᠶᠢᠷᠠᠭᠤᠯᠤᠨ ᠵᠣᠬᠢᠶᠠᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠡᠭᠦᠷᠭᠡᠯᠡᠵᠦ ᠪᠥᠬᠦᠶ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠡᠭᠦᠷᠭᠡ ᠶᠢ ᠰᠠᠶᠢᠲᠤᠷ ᠪᠡᠶᠡᠯᠡᠭᠦᠯᠦᠨ᠎ᠡ᠃ ᠵᠦᠢ ᠶᠣᠰᠣᠨ ᠤ ᠰᠢᠯᠲᠠᠭᠠᠨ ᠥᠭᠡᠢ ᠪᠠᠷ ᠮᠠᠨ ᠤ ᠲᠢᠩᠬᠢᠮ ᠤᠨ ᠪᠠᠭᠤᠯᠭᠠᠭᠰᠠᠨ ᠣᠷᠣᠨ ᠲᠤᠭ᠎ᠠ ᠶᠢᠨ ᠲᠥᠯᠥᠪᠯᠡᠭᠡ ᠶᠢ ᠪᠡᠶᠡᠯᠡᠭᠦᠯᠦᠭᠰᠡᠨ ᠥᠭᠡᠢ ᠭᠤᠣᠯ ᠨᠠᠶᠢᠷᠠᠭᠤᠯᠤᠭᠴᠢ ᠨᠢᠭᠡᠴᠢ ᠪᠣᠯ ᠵᠠᠷᠴᠢᠮ ᠳᠡᠭᠡᠷ᠎ᠡ ᠪᠠᠨ ᠲᠤᠰ ᠨᠢᠭᠡᠴᠢ ᠶᠢᠨ ᠮᠡᠳᠡᠭᠦᠯᠦᠭᠰᠡᠨ ᠲᠥᠷᠥᠯ ᠵᠦᠢᠯ ᠢ ᠬᠦᠯᠢᠶᠡᠨ ᠠᠪᠬᠤ ᠥᠭᠡᠢ᠃           ᠳᠠᠭᠠᠯᠳᠤᠭᠤᠯᠤᠯ᠄ 2021 ᠣᠨ ᠤ ᠬᠤᠶᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠲᠥᠷᠥᠯ ᠵᠦᠢᠯ ᠤᠨ ᠲᠥᠯᠥᠪᠯᠡᠭᠡ ᠶᠢᠨ ᠬᠦᠰᠦᠨᠦᠭᠲᠦ       2021 ᠣᠨ ᠤ 9 ᠳ᠋ᠤᠭᠡᠷ ᠰᠠᠷ᠎ᠠ ᠶᠢᠨ 16  ᠤ ᠡᠳᠦᠷ
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ