ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠤᠯᠤᠰ ᠤᠨ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ ᠲᠤᠪᠴᠢᠶ᠎ᠠ ᠶᠢᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᠵᠢᠶᠠᠨ ᠮᠢᠨ ᠨᠡᠷ ᠮᠠᠨ ᠤ ᠲᠢᠩᠬᠢᠮ ᠳᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2021/9/19
      9 ᠳ᠋ᠤᠭᠡᠷ ᠰᠠᠷ᠎ᠠ ᠶᠢᠨ 16 ᠤ ᠡᠳᠦᠷ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠤᠯᠤᠰ ᠤᠨ ᠨᠠᠪᠴᠢᠨ ᠲᠠᠮᠠᠬᠢ ᠶᠢᠨ ᠲᠤᠰᠬᠠᠶ ᠬᠤᠳᠠᠯᠳᠤᠭᠠᠨ ᠤ ᠲᠣᠪᠴᠢᠶ᠎ᠠ ᠶᠢᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᠵᠢᠶᠠᠨ ᠮᠢᠨ ᠮᠠᠨ ᠤ ᠲᠢᠩᠬᠢᠮ ᠳᠤ ᠢᠷᠡᠵᠦ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂  ᠪᠠᠶᠢᠭᠤᠯᠭ᠎ᠠ ᠶᠢᠨ ᠪᠠᠶᠢᠭᠤᠯᠤᠯᠲᠠ ᠵᠡᠷᠭᠡ ᠠᠵᠢᠯ ᠢ ᠰᠢᠨᠵᠢᠯᠡᠨ ᠪᠠᠶᠢᠴᠠᠭᠠᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠹᠧᠩ ᠷᠧᠨ ᠹᠸᠢ ᠪᠠᠷ᠎ᠠ ᠪᠣᠯᠪᠠ᠃
zj.jpg
zj1.jpg
      ᠵᠠᠩ ᠵᠢᠶᠠᠨ ᠮᠢᠨ ᠨᠡᠷ ᠤᠷᠢᠳ ᠬᠤᠵᠢᠳ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠳᠠ ᠶᠢᠨ ᠨᠣᠮ ᠤᠨ ᠦᠷᠦᠭᠡ᠂ ᠨᠠᠮ ᠤᠨ ᠪᠠᠶᠢᠭᠤᠯᠤᠯᠲᠠ᠂ ᠤᠶᠤᠨᠲᠤ ᠨᠠᠮ ᠤᠨ ᠭᠡᠰᠢᠭᠦᠨ ᠤ ᠠᠵᠢᠯᠯᠠᠭ᠎ᠠ ᠶᠢᠨ ᠦᠷᠦᠭᠡ᠂ ᠣᠷᠣᠨ ᠰᠠᠭᠤᠴᠠ ᠪᠠ ᠪᠠᠷᠢᠯᠭ᠎ᠠ ᠶᠢᠨ ᠲᠣᠭᠠᠴᠢᠯᠠᠭᠰᠠᠨ ᠬᠡᠷᠡᠭᠯᠡᠭᠡᠨ ᠤ ᠲᠥᠪ᠂ ᠠᠵᠢᠯᠳᠠᠨ ᠠᠵᠢᠯᠴᠢᠨ ᠤ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠦᠷᠦᠭᠡ᠂ ᠬᠠᠶᠢᠷᠠᠲᠤ ᠡᠵᠢ ᠶᠢᠨ ᠵᠢᠵᠢᠭ ᠦᠷᠦᠭᠡ ᠳᠤ ᠬᠦᠷᠴᠦ᠂ ᠮᠠᠨ ᠤ ᠲᠢᠩᠬᠢᠮ ᠤᠨ ᠪᠠᠶᠢᠭᠤᠯᠭ᠎ᠠ ᠶᠢᠨ ᠪᠠᠶᠢᠭᠤᠯᠤᠯᠲᠠ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠠᠢ᠃
zj3.jpg
zj4.jpg
      ᠤᠯᠤᠰ ᠤᠨ ᠨᠠᠪᠴᠢᠨ ᠲᠠᠮᠠᠬᠢ ᠶᠢᠨ ᠲᠤᠰᠬᠠᠶ ᠬᠤᠳᠠᠯᠳᠤᠭᠠᠨ ᠤ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ