ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤ ᠶᠢᠨ ᠣᠯᠠᠨ ᠨᠡᠶᠢᠲᠡ ᠶᠢᠨ ᠰᠦᠢᠳᠭᠡᠯ ᠬᠤᠷᠢᠶᠠᠬᠤ ᠲᠡᠷᠭᠡᠨ ᠵᠣᠭᠰᠣᠭᠠᠯ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠦᠷᠢᠶᠡᠨ ᠳᠠᠬᠢ ᠢᠯᠵᠠᠷᠠᠯ ᠪᠠ ᠰᠤᠷᠲᠠᠯ ᠤᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠭᠤᠤᠯ ᠴᠣᠭᠴᠠ ᠶᠢᠨ ᠬᠠᠷᠢᠭᠤᠴᠠᠯᠭᠠᠲᠤ ᠠᠯᠪᠠᠨ ᠬᠡᠷ 13 ᠳ᠋ᠤᠭᠠᠷ ᠤᠳᠠᠭᠠᠨ ᠤ ᠲᠣᠬᠢᠷᠠᠭᠤᠯᠤᠯᠲᠠ ᠶᠢᠨ ᠸᠢᠳᠢᠤ᠋ ᠬᠤᠷᠠᠯ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/19
      9 ᠳ᠋ᠤᠭᠡᠷ ᠰᠠᠷ᠎ᠠ ᠶᠢᠨ 17 ᠤ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠣᠯᠠᠨ ᠨᠡᠶᠢᠲᠡ ᠶᠢᠨ ᠰᠦᠢᠳᠭᠡᠯ ᠬᠤᠷᠢᠶᠠᠬᠤ ᠲᠡᠷᠭᠡᠨ ᠵᠣᠭᠰᠣᠭᠠᠯ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠦᠷᠢᠶᠡᠨ ᠳᠠᠬᠢ ᠢᠯᠵᠠᠷᠠᠯ ᠪᠠ ᠰᠤᠷᠲᠠᠯ ᠤᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠡᠶᠡᠴᠢ ᠴᠣᠭᠴᠠ ᠶᠢᠨ ᠬᠠᠷᠢᠭᠤᠴᠠᠯᠭᠠᠲᠤ ᠠᠯᠪᠠᠨ ᠬᠡᠷ ᠤᠨ ᠳᠡᠳ᠋ ᠡᠷᠬᠢᠯᠡᠭᠴᠢ ᠢᠦᠶ ᠰᠢᠨ ᠹᠠᠩ 13 ᠳ᠋ᠤᠭᠠᠷ ᠤᠳᠠᠭᠠᠨ ᠤ ᠲᠤᠰᠬᠠᠶ ᠴᠡᠭᠴᠡᠯᠡᠨ ᠵᠠᠰᠠᠬᠤ ᠲᠣᠬᠢᠷᠠᠭᠤᠯᠤᠯᠲᠠ ᠶᠢᠨ ᠸᠢᠳᠢᠤ᠋ ᠬᠤᠷᠠᠯ ᠢ ᠡᠷᠭᠢᠯᠡᠨ ᠬᠤᠷᠠᠯᠳᠤᠭᠤᠯᠪᠠ᠃
gg.jpg
      ᠤᠯᠠᠭᠠᠨᠴᠠᠪ ᠬᠤᠳᠠ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠭᠤᠣᠯ ᠴᠣᠭᠴᠠ ᠶᠢᠨ ᠠᠯᠪᠠᠨ ᠭᠡᠷ ᠨᠡᠶᠢᠲᠡᠯᠢᠭ ᠶᠠᠷᠢᠶ᠎ᠠ ᠲᠠᠯᠪᠢᠵᠤ᠂ ᠴᠡᠭᠴᠡᠯᠡᠨ ᠵᠠᠰᠠᠬᠤ ᠡᠬᠡ ᠲᠠᠩᠰᠠ ᠶᠢ ᠨᠠᠷᠢᠯᠢᠬᠵᠢᠭᠤᠯᠤᠨ ᠲᠡᠭᠦᠯᠳᠡᠷᠵᠢᠭᠦᠯᠦᠭᠰᠡᠨ ᠠᠵᠢᠯ ᠤᠨ ᠠᠬᠢᠴᠠ ᠶᠢᠨ ᠪᠠᠶᠢᠳᠠᠯ ᠢ ᠬᠠᠷᠢᠭᠤ ᠮᠡᠳᠡᠭᠦᠯᠵᠡᠢ᠃
gg1.jpg
       ᠬᠤᠷᠠᠯ ᠠᠴᠠ᠂ ᠨᠢᠭᠡ ᠳᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠪᠠᠯᠠ ᠮᠥᠩᠭᠦ ᠶᠢ ᠬᠠᠷᠭᠤᠭᠤᠯᠤᠨ ᠪᠠᠶᠢᠴᠠᠭᠠᠬᠤ ᠠᠵᠢᠯ ᠢ ᠴᠢᠩᠭ᠎ᠠ ᠠᠳᠬᠤᠬᠤ ᠬᠡᠷᠡᠭᠲᠡᠶ᠃ ᠡᠯ᠎ᠡ ᠠᠶᠢᠮᠠᠭ ᠬᠤᠲᠠ ᠶᠢᠨ ᠭᠤᠤᠯ ᠴᠣᠭᠴᠠ ᠶᠢᠨ ᠠᠯᠪᠠᠨ ᠬᠡᠷ ᠨᠢ ᠠᠵᠢᠯ ᠤᠨ ᠬᠦᠴᠦᠨ ᠢᠶᠠᠨ ᠴᠢᠩᠭᠠᠷᠠᠭᠤᠯᠵᠤ᠂ ᠠᠵᠢᠯ ᠤᠨ ᠠᠷᠭ᠎ᠠ ᠶᠢᠨ ᠰᠢᠨ᠎ᠡ ᠶᠢ ᠡᠭᠦᠳᠦᠨ᠂ ᠰᠢᠮᠳᠠᠭᠤᠯᠤᠨ ᠵᠢᠯᠣᠭᠤᠳᠴᠤ ᠳᠣᠭᠢᠷᠠᠭᠤᠯᠬᠤ ᠪᠠᠨ ᠴᠢᠩᠭᠠᠳᠬᠠᠵᠤ᠂ ᠠᠰᠠᠭᠤᠳᠠᠯ ᠲᠠᠢ ᠲᠡᠷᠭᠡᠨ ᠵᠤᠭᠰᠤᠭᠠᠯ ᠨᠢᠭᠡᠪᠦᠷᠢ ᠶᠢᠨ ᠪᠠᠯᠠ ᠮᠥᠩᠭᠦ ᠶᠢᠨ ᠠᠰᠠᠭᠤᠳᠠᠯ ᠢ ᠪᠠᠶᠢᠴᠠᠭᠠᠨ ᠳᠣᠲᠣᠯᠠᠬᠤ ᠬᠡᠷᠡᠭᠲᠡᠶ᠃ ᠬᠤᠶᠠᠷ ᠲᠤ᠂ ᠴᠡᠭᠴᠡᠯᠡᠨ ᠵᠠᠰᠠᠬᠤ ᠡᠬᠡ ᠲᠠᠩᠰᠠ ᠶᠢ ᠦᠷᠭᠦᠯᠵᠢᠯᠡᠨ ᠨᠠᠷᠢᠯᠢᠬᠵᠢᠭᠤᠯᠤᠨ ᠲᠡᠭᠦᠯᠳᠡᠷᠵᠢᠭᠦᠯᠦᠨ᠎ᠡ᠃ ᠡᠯ᠎ᠡ ᠠᠶᠢᠮᠠᠭ ᠬᠤᠲᠠ ᠶᠢᠨ ᠭᠤᠤᠯ ᠴᠣᠭᠴᠠ ᠶᠢᠨ ᠠᠯᠪᠠᠨ ᠬᠡᠷ ᠨᠢ ᠥᠪᠡᠷᠲᠡᠭᠡᠨ ᠵᠠᠰᠠᠬᠤ ᠣᠷᠣᠨ ᠤ ᠭᠤᠤᠯ ᠴᠣᠭᠴᠠ ᠶᠢᠨ ᠠᠯᠪᠠᠨ ᠬᠡᠷ ᠤᠨ ᠲᠣᠭᠲᠠᠭᠠᠭᠰᠠᠨ ᠰᠢᠢᠳᠪᠦᠷᠢᠯᠡᠬᠦ ᠵᠠᠷᠴᠢᠮ ᠢ ᠴᠢᠩᠭ᠎ᠠ ᠵᠢᠷᠤᠮᠯᠠᠨ᠂ ᠥᠪᠡᠷᠲᠡᠭᠡᠨ ᠵᠠᠰᠠᠬᠤ ᠣᠷᠣᠨ ᠤ ᠭᠤᠤᠯ ᠴᠣᠭᠴᠠ ᠶᠢᠨ ᠠᠯᠪᠠᠨ ᠬᠡᠷ ᠤᠨ ᠳᠤᠷᠠᠳᠤᠭᠰᠠᠨ ᠬᠢᠨᠠᠨ ᠬᠠᠷᠭᠤᠭᠤᠯᠤᠭᠰᠠᠨ ᠰᠠᠨᠠᠯ ᠢ ᠦᠨᠳᠦᠰᠦᠯᠡᠨ᠂ ᠲᠣᠰ ᠭᠠᠵᠠᠷ ᠣᠷᠣᠨ ᠤ ᠴᠡᠭᠴᠡᠯᠡᠨ ᠵᠠᠰᠠᠬᠤ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠴᠡᠭᠴᠡᠯᠡᠨ ᠵᠠᠰᠠᠬᠤ ᠡᠬᠡ ᠲᠠᠩᠰᠠ ᠶᠢ ᠵᠤᠷᠪᠤᠰ ᠳᠠᠷᠠᠭᠠᠯᠠᠨ ᠵᠠᠰᠠᠵᠤ ᠲᠡᠭᠦᠯᠳᠡᠷᠵᠢᠭᠦᠯᠬᠦ ᠬᠡᠷᠡᠭᠲᠡᠶ᠃ ᠭᠤᠷᠪᠠ ᠳᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠳᠠᠯᠠᠨ᠎ᠠ᠃ ᠡᠯ᠎ᠡ ᠠᠶᠢᠮᠠᠭ ᠬᠤᠲᠠ ᠶᠢᠨ ᠭᠤᠤᠯ ᠴᠣᠭᠴᠠ ᠶᠢᠨ ᠠᠯᠪᠠᠨ ᠬᠡᠷ ᠨᠢ ᠥᠪᠡᠷᠲᠡᠭᠡᠨ ᠵᠠᠰᠠᠬᠤ ᠣᠷᠣᠨ ᠤ ᠴᠡᠭᠴᠡᠯᠡᠨ ᠵᠠᠰᠠᠬᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠴᠢᠩᠭ᠎ᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠡᠭᠴᠡᠯᠡᠨ ᠵᠠᠰᠠᠬᠤ ᠡᠬᠡ ᠲᠠᠩᠰᠠ ᠶᠢ ᠨᠠᠷᠢᠯᠢᠬᠵᠢᠭᠤᠯᠤᠨ ᠲᠡᠭᠦᠯᠳᠡᠷᠵᠢᠭᠦᠯᠬᠦ ᠠᠵᠢᠯ ᠤᠨ ᠡᠭᠦᠷᠭᠡ ᠶᠢ ᠨᠠᠷᠢᠯᠢᠬᠵᠢᠭᠤᠯᠤᠨ ᠵᠠᠳᠠᠯᠵᠤ᠂ ᠬᠠᠷᠢᠭᠤᠴᠠᠯᠭ᠎ᠠ ᠶᠢ ᠬᠥᠮᠦᠨ ᠳᠤᠨᠢ ᠨᠠᠶᠢᠳᠠᠪᠤᠷᠢᠵᠢᠭᠤᠯᠤᠨ᠂ ᠵᠦᠢᠯ ᠳᠠᠷᠠᠭᠠᠯᠠᠨ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ