ᠥᠪᠡᠷᠲᠡᠭᠡᠨ ᠵᠠᠰᠠᠬᠤ ᠣᠷᠣᠨ ᠤ ᠤᠷᠢᠳᠴᠢᠯᠠᠨ ᠬᠤᠯᠢᠭᠰᠠᠨ ᠪᠧᠲ᠋ᠤᠨ ᠤ ᠶᠠᠰᠤ ᠴᠢᠨᠠᠷ ᠪᠠ ᠪᠠᠶᠢᠴᠠᠭᠠᠨ ᠰᠢᠯᠭᠠᠬᠤ ᠬᠢᠨᠠᠨ ᠬᠠᠮᠢᠶᠠᠷᠤᠯᠳᠠ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠤᠷᠤᠭᠰᠢᠲᠠᠶ ᠶᠠᠪᠤᠭᠳᠠᠪᠠ
ᠨᠡᠶᠢᠲᠡᠯᠡᠭᠰᠡᠨ ᠴᠠᠭ᠄
2021/9/22
      9 ᠳ᠋ᠤᠭᠡᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠠᠴᠠ ᠭᠤᠤᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠮᠡᠷᠭᠡᠵᠢᠯ ᠤᠨ ᠦᠢᠯᠡᠴᠢᠯᠡᠭᠡᠨ ᠤ ᠲᠥᠪ ᠠᠴᠠ ᠲᠠᠭᠠᠭᠠᠴᠢᠯᠠᠨ ᠡᠷᠭᠢᠯᠡᠭᠰᠡᠨ ᠪᠥᠬᠦ ᠣᠷᠣᠨ ᠤ ᠤᠷᠢᠳᠴᠢᠯᠠᠨ ᠬᠤᠯᠢᠭᠰᠠᠨ ᠪᠧᠲ᠋ᠤᠨ ᠤ ᠶᠠᠰᠤ ᠴᠢᠨᠠᠷ ᠪᠠ ᠪᠠᠶᠢᠴᠠᠭᠠᠨ ᠰᠢᠯᠭᠠᠬᠤ ᠬᠢᠨᠠᠨ ᠬᠠᠮᠢᠶᠠᠷᠤᠯᠳᠠ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠠᠩᠭᠢ ᠬᠥᠬᠡᠬᠤᠲᠠ ᠳᠤ ᠰᠤᠷᠤᠯᠭ᠎ᠠ ᠡᠬᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠮᠡᠷᠭᠡᠵᠢᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠪᠠᠶ ᡁᠢ ᠭᠠᠩ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠣᠰ ᠤᠳᠠᠭᠠᠨ ᠤ ᠪᠣᠯᠪᠠᠰᠤᠷᠠᠭᠤᠯᠤᠯ ᠤᠨ ᠠᠩᠭᠢ ᠶᠢ ᠡᠷᠭᠢᠯᠡᠵᠦ ᠪᠠᠶᠢᠭ᠎ᠠ ᠶᠢᠨ ᠭᠤᠤᠯ ᠵᠣᠷᠢᠯᠭ᠎ᠠ ᠪᠣᠯ ᠪᠣᠯᠪᠠᠰᠤᠷᠠᠭᠤᠯᠤᠯ ᠢᠶᠠᠷ ᠳᠠᠮᠵᠢᠭᠤᠯᠤᠨ ᠪᠥᠬᠦ ᠣᠷᠣᠨ ᠤ ᠤᠷᠢᠳᠴᠢᠯᠠᠨ ᠬᠤᠯᠢᠭᠰᠠᠨ ᠪᠧᠲ᠋ᠤᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠮᠡᠷᠭᠡᠵᠢᠯ ᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠷᠢᠳᠴᠢᠯᠠᠨ ᠬᠤᠯᠢᠭᠰᠠᠨ ᠪᠧᠲ᠋ᠤᠨ ᠤ ᠦᠢᠯᠡᠳᠪᠦᠷᠢᠯᠡᠯ᠂ ᠬᠡᠷᠡᠭᠯᠡᠯᠲᠡ ᠶᠢᠨ ᠶᠠᠪᠤᠴᠠ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠨ᠂ ᠮᠠᠨ ᠤ ᠣᠷᠣᠨ ᠤ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠢ ᠦᠨᠡᠨ ᠬᠦ ᠪᠠᠲᠤᠯᠠᠵᠤ᠂ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠢ ᠲᠠᠰᠤᠷᠠᠯᠲᠠ ᠥᠬᠡᠶ ᠲᠡᠭᠡᠭᠰᠢᠯᠡᠭᠦᠯᠬᠦ ᠶᠢᠨ ᠲᠦᠯᠦᠭᠡ ᠶᠤᠮ᠃
yz.png
       ᠲᠤᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠡᠯ᠎ᠡ ᠭᠠᠵᠠᠷ ᠤᠨ ᠤᠷᠢᠳᠴᠢᠯᠠᠨ ᠬᠤᠯᠢᠭᠰᠠᠨ ᠪᠧᠲ᠋ᠤᠨ ᠤ ᠶᠠᠰᠤ ᠴᠢᠨᠠᠷ ᠤᠨ ᠬᠢᠨᠠᠨ ᠬᠠᠮᠢᠶᠠᠷᠤᠯᠲᠠ ᠶᠢᠨ ᠠᠵᠢᠯᠲᠠᠨ ᠤ ᠦᠢᠯᠡᠳᠪᠦᠷᠢᠯᠡᠯ ᠤᠨ ᠵᠠᠩᠭᠢᠯᠠᠭ᠎ᠠ ᠶᠢᠨ ᠲᠦᠭᠦᠬᠡᠶ ᠮᠠᠲ᠋ᠧᠷᠢᠶᠠᠯ ᠢ ᠬᠠᠮᠢᠶᠠᠷᠤᠨ ᠡᠵᠡᠮᠳᠡᠬᠦ᠂ ᠲᠤᠷᠰᠢᠨ ᠬᠠᠮᠢᠶᠠᠷᠬᠤ᠂ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠬᠢᠨᠠᠨ ᠬᠠᠮᠢᠶᠠᠷᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠪᠠᠷᠢᠯᠭ᠎ᠠ ᠶᠢᠨ ᠵᠠᠩᠭᠢᠯᠠᠭ᠎ᠠ ᠶᠢᠨ ᠪᠥᠲᠥᠭᠡᠨ ᠪᠠᠶᠢᠭᠤᠯᠤᠯᠲᠠ ᠶᠢᠨ ᠨᠢᠭᠡᠴᠢ᠂ ᠬᠢᠨᠠᠨ ᠬᠠᠮᠢᠶᠠᠷᠬᠤ ᠨᠢᠭᠡᠴᠢ᠂ ᠪᠠᠷᠢᠯᠭ᠎ᠠ ᠶᠢᠨ ᠨᠢᠭᠡᠴᠢ ᠶᠢᠨ ᠬᠢᠨᠠᠨ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠦᠨ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠷᠠᠭᠠᠬᠢ ᠰᠢᠨ᠎ᠡ ᠠᠵᠢᠯ ᠤᠨ ᠪᠠᠶᠢᠷᠢ ᠰᠢᠨ᠎ᠡ ᠳᠦᠷᠢ ᠳᠤ ᠵᠣᠬᠢᠴᠠᠬᠤ᠂ ᠰᠢᠨ᠎ᠡ ᠡᠭᠦᠷᠭᠡ ᠴᠢᠳᠠᠪᠤᠷᠢ ᠰᠢᠨ᠎ᠡ ᠡᠭᠦᠷᠭᠡ ᠪᠠᠨ ᠪᠦᠲᠦᠮᠵᠢᠲᠡᠶ  ᠭᠦᠢᠴᠡᠳᠭᠡᠬᠦ ᠴᠢᠳᠠᠪᠤᠷᠢ ᠶᠢ ᠴᠢᠩᠭᠠᠳᠬᠠᠪᠠ᠃
yz1.png
      ᠲᠣᠰ ᠤᠳᠠᠭᠠᠨ ᠤ ᠪᠣᠯᠪᠠᠰᠤᠷᠠᠭᠤᠯᠤᠯ ᠳᠤ ᠤᠷᠢᠳᠴᠢᠯᠠᠨ ᠬᠤᠯᠢᠭᠰᠠᠨ ᠪᠧᠲ᠋ᠤᠨ ᠤ ᠦᠢᠯᠡᠳᠪᠦᠷᠢᠯᠡᠯ ᠤᠨ ᠭᠤᠭᠴᠤᠭ᠎ᠠ᠂ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠤᠭᠴᠤᠭ᠎ᠠ ᠶᠢᠨ ᠬᠠᠮᠢᠶ᠎ᠠ ᠪᠥᠬᠦᠶ ᠨᠡᠷ᠎ᠡ ᠲᠥᠷᠥ ᠲᠠᠢ ᠲᠤᠰᠬᠠᠶ ᠮᠡᠷᠭᠡᠵᠢᠯᠲᠡᠨ ᠢ ᠤᠷᠢᠵᠤ ᠰᠤᠷᠤᠭᠴᠢᠳ ᠲᠤ  ᠬᠢᠴᠢᠶᠡᠯᠡᠭᠦᠯᠪᠡ᠃
yz2.jpg
      ᠡᠯ᠎ᠡ ᠠᠶᠢᠮᠠᠭ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠮᠡᠷᠭᠡᠵᠢᠯ ᠤᠨ  ᠦᠢᠯᠡᠴᠢᠯᠡᠭᠡᠨ ᠤ ᠲᠥᠪ ᠂ ᠪᠥᠲᠥᠭᠡᠨ ᠪᠠᠶᠢᠭᠤᠯᠤᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ 80 ᠭᠠᠷᠤᠶ ᠲᠤᠬᠠᠶᠢᠯᠠᠭᠰᠠᠨ ᠠᠵᠢᠯ ᠤᠨ ᠭᠤᠤᠯᠯᠠᠭᠴᠢ ᠲᠣᠰ ᠤᠳᠠᠭᠠᠨ ᠤ ᠪᠣᠯᠪᠠᠰᠤᠷᠠᠭᠤᠯᠤᠯ ᠳᠤ ᠣᠷᠣᠯᠴᠠᠪᠠ᠃
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ