ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠠᠴᠠ 2021 ᠣᠨ ᠤ ᠬᠤᠶᠠᠳᠤᠭᠠᠷ ᠪᠦᠯᠦᠭ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠲᠣᠭᠲᠠᠭᠠᠬᠤ ᠪᠠ ᠵᠠᠰᠠᠪᠤᠷᠢ ᠣᠷᠣᠭᠤᠯᠬᠤ ᠲᠥᠷᠥᠯ  ᠵᠦᠢᠯ ᠤᠨ ᠲᠦᠯᠦᠪᠯᠡᠯᠭᠡ ᠶᠢ ᠪᠠᠭᠤᠯᠭᠠᠪᠠ
ᠨᠡᠶᠢᠲᠡᠯᠡᠭᠰᠡᠨ ᠴᠠᠭ᠄
2021/9/23
      ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠠᠴᠠ 2021 ᠣᠨ ᠤ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠪᠦᠯᠦᠭ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠲᠥᠷᠥᠯ ᠵᠦᠢᠯ ᠤᠨ ᠲᠥᠯᠥᠪᠯᠡᠭᠡ ᠶᠢ ᠪᠠᠭᠤᠯᠭᠠᠵᠤ᠂ ᠡᠯ᠎ᠡ ᠬᠤᠯᠪᠣᠭᠳᠠᠯ ᠪᠥᠬᠦᠶ ᠠᠶᠢᠮᠠᠭ ᠬᠤᠲᠠ᠂ ᠡᠯ᠎ᠡ ᠬᠤᠯᠪᠣᠭᠳᠠᠯ ᠪᠥᠬᠦᠶ ᠨᠢᠭᠡᠴᠢ ᠶᠢ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ ᠭᠡᠵᠦ ᠱᠠᠭᠠᠷᠳᠠᠪᠠ᠃       ᠮᠠᠨ ᠤ ᠣᠷᠣᠨ ᠤ 2021 ᠣᠨ ᠤ ᠬᠤᠶᠠᠳᠤᠭᠠᠷ ᠪᠦᠯᠦᠭ ᠤᠨ ᠣᠷᠣᠨ ᠨᠤᠲᠤᠭ ᠤᠨ ᠪᠠᠷᠢᠮᠵᠢᠶ᠎ᠠ ᠶᠢ ᠴᠤᠭᠯᠠᠭᠤᠯᠬᠤ ᠲᠦᠷᠦᠯ ᠵᠦᠢᠯ ᠲᠣᠭᠲᠠᠭᠠᠬᠤ ᠠᠵᠢᠯ ᠨᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶᠠᠵᠢᠭᠤᠯᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶᠠᠲᠤ ᠬᠠᠩᠭᠠᠯᠭ᠎ᠠ ᠶᠢᠨ ᠲᠦᠪᠰᠢᠨ ᠢ ᠳᠡᠭᠡᠭᠰᠢᠯᠡᠭᠦᠯᠬᠦ᠂ ᠠᠵᠢᠯ ᠲᠦᠷᠦᠯ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠬᠤ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠪᠠ ᠬᠦᠳᠦᠯᠦᠨ ᠳᠠᠭᠠᠭᠤᠯᠬᠤ ᠠᠵᠢᠯ ᠤᠨ ᠬᠠᠷᠠᠯᠲᠠ ᠶᠢᠨ ᠲᠣᠭᠤᠷᠢᠨ ᠳᠤ ︽ᠵᠠᠰᠠᠭ ᠤᠨ ᠣᠷᠳᠣᠨ ᠢᠶᠠᠷ ᠭᠤᠤᠯᠯᠠᠭᠤᠯᠵᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ︾ ᠶᠢ ᠲᠣᠭᠲᠠᠭᠠᠬᠤ ᠵᠠᠷᠴᠢᠮ ᠢ ᠪᠠᠷᠢᠮᠲᠠᠯᠠᠨ᠂ ︽ᠪᠠᠴᠢᠮ ᠬᠡᠷᠡᠭᠯᠡᠬᠦ ᠶᠢ ᠤᠷᠢᠳᠠᠪᠠᠷ ᠨᠠᠶᠢᠷᠠᠭᠤᠯᠤᠨ ᠵᠣᠬᠢᠶᠠᠵᠤ᠂ ᠬᠥᠭᠵᠢᠯᠲᠡ ᠳᠤ ᠦᠢᠯᠡᠴᠢᠯᠡᠬᠦ︾ ᠠᠵᠢᠯ ᠤᠨ ᠰᠡᠳᠬᠢᠴᠡ ᠶᠣᠰᠣᠭᠠᠷ᠂ ᠮᠠᠨ ᠤ ᠣᠷᠣᠨ ᠤ ᠣᠷᠣᠨ ᠪᠦᠰᠡ ᠶᠢᠨ ᠣᠨᠴᠠᠯᠢᠭ ᠪᠠ ᠠᠵᠢᠯ ᠲᠥᠷᠥᠯ ᠤᠨ ᠬᠥᠭᠵᠢᠯᠲᠡ ᠶᠢᠨ ᠭᠤᠤᠯᠳᠠᠯᠭ᠎ᠠ ᠶᠢ ᠳᠣᠪᠤᠶᠢᠯᠭᠠᠨ᠂ ᠴᠢᠨᠠᠷ ᠰᠠᠶᠢᠲᠠᠶ᠂ ᠴᠢᠩᠭ᠎ᠠ ᠱᠠᠭᠠᠷᠳᠠᠯᠭ᠎ᠠ ᠪᠠᠷ ᠦᠷᠨᠢᠭᠦᠯᠪᠡ᠃ ᠲᠣᠰ ᠤᠳᠠᠭ᠎ᠠ ᠨᠡᠶᠢᠲᠡᠯᠡᠭᠰᠡᠨ 2021 ᠣᠨ ᠤ  ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠪᠦᠯᠦᠭ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠲᠥᠷᠥᠯ ᠵᠦᠢᠯ ᠤᠨ ᠲᠥᠯᠥᠪᠯᠡᠭᠡ ᠳᠤ ᠨᠡᠶᠢᠲᠡ 23 ᠵᠦᠢᠯ ᠪᠣᠶ᠂ ᠡᠭᠦᠨ ᠳᠤ ᠲᠣᠭᠲᠠᠭᠠᠭᠰᠠᠨ ᠲᠥᠷᠥᠯ ᠵᠦᠢᠯ ᠤᠨ ᠲᠥᠯᠥᠪᠯᠡᠭᠡ ᠳᠤ 22 ᠵᠦᠢᠯ᠂ ᠵᠠᠰᠠᠪᠤᠷᠢ ᠣᠷᠣᠭᠤᠯᠤᠭᠰᠠᠨ ᠲᠥᠷᠥᠯ ᠵᠦᠢᠯ ᠤᠨ ᠲᠥᠯᠥᠪᠯᠡᠭᠡ ᠳᠤ 1 ᠵᠦᠢᠯ ᠪᠣᠶ᠂ ᠡᠨᠡ ᠨᠢ ᠪᠠᠷᠢᠯᠭ᠎ᠠ ᠶᠢᠨ ᠳᠤᠯᠠᠭᠠᠨ ᠢ ᠬᠠᠮᠠᠭᠠᠯᠠᠬᠤ᠂ ᠪᠣᠬᠢᠷᠲᠤᠯ ᠥᠬᠡᠶ ᠪᠠᠷᠢᠯᠭ᠎ᠠ᠂ ᠬᠤᠲᠠ ᠶᠢᠨ ᠶᠠᠪᠤᠳᠠᠯ ᠤᠨ ᠵᠠᠮ᠂ BIM ᠬᠡᠷᠡᠭᠯᠡᠯᠲᠡ᠂ ᠬᠠᠶᠢᠮᠢᠶᠠᠨ ᠬᠤᠲᠠ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠵᠠᠰᠠᠬᠤ ᠵᠡᠷᠭᠡ ᠣᠯᠠᠨ ᠬᠦᠷᠢᠶᠡᠨ ᠳᠤ ᠬᠤᠯᠪᠣᠭᠳᠠᠨ᠎ᠠ᠃       ᠲᠥᠯᠥᠪᠯᠡᠭᠡ ᠶᠢᠨ ᠡᠭᠦᠷᠭᠡ ᠶᠢ ᠲᠣᠭᠲᠠᠭᠠᠵᠤ ᠵᠠᠰᠠᠪᠤᠷᠢ ᠣᠷᠣᠭᠤᠯᠤᠭᠰᠠᠨ ᠤ ᠳᠠᠷᠠᠭ᠎ᠠ᠂ ᠡᠯ᠎ᠡ ᠣᠷᠣᠨ ᠲᠣᠭᠠᠨ ᠤ ᠨᠢᠭᠡᠴᠢ ᠨᠦᠭᠦᠳ ᠰᠤᠳᠤᠯᠤᠨ ᠨᠠᠶᠢᠷᠠᠭᠤᠯᠬᠤ ᠬᠤᠷᠠᠯ ᠢ ᠱᠠᠯᠠᠪᠳᠠᠨ ᠬᠤᠷᠠᠯᠳᠤᠭᠤᠯᠵᠤ᠂ ᠠᠵᠢᠯ ᠤᠨ ᠬᠥᠲᠥᠯᠪᠦᠷᠢ ᠶᠢ ᠲᠣᠭᠲᠠᠭᠠᠨ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠪᠠ ᠱᠠᠲᠤ ᠦᠶ᠎ᠡ ᠶᠢᠨ ᠴᠢᠨᠠᠷᠲᠠᠶ ᠠᠵᠢᠯ ᠤᠨ ᠲᠣᠬᠢᠷᠠᠭᠤᠯᠤᠯᠲᠠ ᠶᠢ ᠲᠣᠳᠣᠷᠬᠠᠶᠢᠯᠠᠬᠤ ᠬᠡᠷᠡᠭᠲᠡᠶ︔ ᠡᠯ᠎ᠡ ᠬᠤᠯᠪᠣᠭᠳᠠᠬᠤ ᠠᠶᠢᠮᠠᠭ ᠬᠤᠳᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠪᠠᠷᠢᠮᠵᠢᠶ᠎ᠠ ᠲᠤᠭᠤᠷᠪᠢᠨ ᠪᠢᠴᠢᠬᠦ ᠨᠢᠭᠡᠴᠢ ᠶᠢ ᠵᠢᠯᠣᠭᠤᠳᠤᠨ ᠰᠢᠮᠳᠠᠭᠤᠯᠵᠤ ᠪᠠᠶᠢᠭᠠᠳ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠶᠠᠮᠤᠨ ᠤ ︽ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠨᠠᠶᠢᠷᠠᠭᠤᠯᠤᠨ ᠪᠢᠴᠢᠬᠦ ᠲᠣᠭᠲᠠᠭᠠᠯ︾ ︵ᠪᠠᠶᠢᠭᠤᠯᠤᠯᠳᠠ ᠪᠠᠷᠢᠮᠵᠢᠶ᠎ᠠ ﹇2008﹈ 182 ᠳ᠋ᠤᠭᠠᠷ ᠲᠣᠭᠠᠲᠤ︶᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠲᠢᠩᠬᠢᠮ ᠤᠨ ︽ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠨᠠᠶᠢᠷᠠᠭᠤᠯᠤᠨ ᠵᠣᠬᠢᠶᠠᠬᠤ ᠠᠵᠢᠯ ᠤᠨ ᠴᠤᠪᠤᠷᠠᠯ︾ ︵ᠦᠪᠦᠷ ᠪᠠᠶᠢᠭᠤᠯᠤᠯᠳᠠ ᠪᠠᠷᠢᠮᠵᠢᠶ᠎ᠠ ﹇2021﹈ 62 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠪᠠᠷᠢᠮᠵᠢᠶ᠎ᠠ ᠶᠢ ᠨᠠᠶᠢᠷᠠᠭᠤᠯᠤᠨ ᠵᠣᠬᠢᠶᠠᠬᠤ ᠠᠬᠢᠴᠠ ᠶᠢ ᠲᠦᠷᠭᠡᠳᠬᠡᠵᠦ᠂ ᠨᠠᠶᠢᠷᠠᠭᠤᠯᠤᠨ ᠵᠣᠬᠢᠶᠠᠬᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠬᠠᠮᠲᠤ᠂ ᠪᠠᠷᠢᠮᠵᠢᠶ᠎ᠠ ᠶᠢ ᠨᠠᠶᠢᠷᠠᠭᠤᠯᠤᠨ ᠵᠣᠬᠢᠶᠠᠬᠤ ᠡᠯ᠎ᠡ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠢᠭ ᠲᠤ ᠴᠠᠭ ᠲᠤᠬᠠᠶ ᠳᠤᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢᠨ ᠬᠠᠮᠢᠶᠠᠷᠤᠯᠲᠠ ᠶᠢᠨ ᠰᠢᠰᠲ᠋ᠧᠮ︾ ᠳᠤ ᠲᠡᠮᠳᠡᠭᠯᠡᠨ ᠨᠠᠶᠢᠷᠠᠭᠤᠯᠤᠨ ᠵᠣᠬᠢᠶᠠᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠡᠭᠦᠷᠭᠡᠯᠡᠵᠦ ᠪᠥᠬᠦᠶ ᠣᠷᠣᠨ ᠨᠤᠲᠤᠭ ᠤᠨ ᠪᠠᠷᠢᠮᠵᠢᠶ᠎ᠠ ᠶᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠡᠭᠦᠷᠭᠡ ᠪᠠᠨ ᠰᠠᠶᠢᠲᠤᠷ ᠪᠡᠶᠡᠯᠡᠭᠦᠯᠵᠦ᠂ ᠮᠠᠨ ᠤ ᠣᠷᠣᠨ ᠤ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠵᠢᠴᠢ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ