ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 18 ᠤ ᠴᠠᠬᠢᠯᠭᠠᠨ ᠮᠡᠳᠡᠭᠡ 9 ᠰᠠᠷ᠎ᠠ ᠶᠢᠨ 18 ᠤ ᠡᠳᠦᠷ᠂ ᠯᠠᠲ᠋ᠢᠨ ᠠᠮᠧᠷᠢᠺᠠ ᠪᠣᠯᠤᠨ | ᠺᠠᠷᠢᠪᠧ ᠶᠢᠨ ᠤᠯᠤᠰ ᠤᠳ ᠤᠨ ᠬᠠᠮᠲᠤ ᠴᠣᠭᠴᠠ ᠶᠢᠨ ᠵᠢᠷᠭᠤᠳᠤᠭᠠᠷ ᠬᠤᠭᠤᠴᠠᠭᠠᠨ ᠤ ᠲᠦᠷᠦᠭᠦᠴᠦᠳ ᠤᠨ ᠬᠤᠷᠠᠯ ᠮᠧᠺᠰᠢᠺᠤ ᠤᠯᠤᠰ ᠤᠨ ᠨᠡᠶᠢᠰᠯᠡᠯ ᠮᠧᠺᠰᠢᠺᠤ | ᠬᠤᠳᠠ ᠲᠤ ᠶᠠᠪᠤᠭᠳᠠᠪᠠ᠃ | ᠯᠠᠲ᠋ᠢᠨ ᠠᠮᠧᠷᠢᠺᠠ ᠶᠢᠨ ᠬᠠᠮᠲᠤ ᠴᠣᠭᠴᠠ ᠶᠢᠨ ᠵᠢᠵᠢᠭᠦᠷ ᠲᠡᠷᠢᠭᠦᠯᠡᠭᠴᠢ ᠤᠯᠤᠰ ᠮᠧᠺᠰᠢᠺᠤ ᠤᠯᠤᠰ ᠤᠨ ᠤᠷᠢᠯᠭ᠎ᠠ ᠪᠠᠷ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠲᠦᠷᠦᠭᠦᠴᠦᠳ ᠤᠨ ᠬᠤᠷᠠᠯ ᠳᠤ ᠸᠢᠳᠢᠣ᠋ ᠪᠠᠷ ᠦᠭᠡ ᠬᠡᠯᠡᠪᠡ᠃ | ᠰᠢ ᠶᠢᠨ ᠫᠢᠩ᠂ 10 ᠵᠢᠯ ᠤᠨ ᠡᠮᠦᠨ᠎ᠡ᠂ ᠯᠠᠲ᠋ᠢᠨ ᠠᠮᠧᠷᠢᠺᠠ ᠪᠣᠯᠤᠨ ᠺᠠᠷᠢᠪᠧ ᠶᠢᠨ ᠤᠯᠤᠰ ᠤᠳ ᠤᠨ ᠪᠡᠶ᠎ᠡ ᠪᠠᠨ ᠳᠠᠭᠠᠭᠠᠵᠤ ᠡᠵᠡᠨ ᠮᠡᠳᠡᠬᠦ ᠶᠢ | ᠬᠦᠭᠡᠭᠡᠴᠡᠯᠳᠦᠬᠦ᠂ ᠬᠤᠯᠪᠤᠭᠠᠯᠠᠨ ᠦᠪᠡᠷ ᠢ ᠪᠠᠨ ᠬᠦᠴᠦᠷᠬᠡᠭᠵᠢᠭᠦᠯᠬᠦ ᠴᠢᠷᠮᠠᠶᠢᠯᠭ᠎ᠠ ᠳᠣᠣᠷ᠎ᠠ᠂ ᠯᠠᠲ᠋ᠢᠨ ᠠᠮᠧᠷᠢᠺᠠ ᠶᠢᠨ ᠬᠠᠮᠲᠤ ᠴᠣᠭᠴᠠ ᠵᠠᠪᠰᠢᠶᠠᠨ ᠢᠶᠠᠷ | ᠪᠠᠶᠢᠭᠤᠯᠤᠬᠳᠠᠪᠠ᠂ ᠡᠨᠡ ᠪᠣᠯ ᠭᠠᠵᠠᠷ ᠣᠷᠣᠨ ᠤ ᠨᠢᠭᠡ ᠴᠤᠬᠴᠠᠵᠢᠯᠳᠠ ᠶᠢᠨ ᠶᠠᠪᠤᠴᠠ ᠳᠠᠬᠢ ᠬᠦᠰᠢᠶ᠎ᠡ ᠳᠤᠷᠠᠰᠬᠠᠯ ᠤᠨ ᠴᠢᠨᠠᠷᠲᠠᠢ ᠬᠡᠷᠡᠭ ᠶᠠᠪᠤᠳᠠᠯ ᠪᠣᠯᠤᠨ᠎ᠠ᠃ | 10 ᠵᠢᠯ ᠤᠨ ᠬᠤᠭᠤᠴᠠᠭᠠᠨ ᠳᠤ᠂ ᠯᠠᠲ᠋ᠢᠨ ᠠᠮᠧᠷᠢᠺᠠ ᠶᠢᠨ ᠬᠠᠮᠲᠤ ᠴᠣᠭᠴᠠ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠬᠤ᠂ ᠬᠠᠮᠲᠤ ᠶᠢᠨ | ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠪᠡ᠃ ᠳᠤᠮᠳᠠᠳᠤ ᠶᠢᠨ ᠲᠠᠯ᠎ᠠ ᠶᠢᠨ ᠬᠢᠨ ᠯᠠᠲ᠋ᠢᠨ ᠠᠮᠧᠷᠢᠺᠠ ᠶᠢᠨ ᠬᠠᠮᠲᠤ ᠴᠣᠭᠴᠠ ᠯᠤᠭ᠎ᠠ | ᠬᠠᠷᠢᠯᠴᠠᠭ᠎ᠠ ᠪᠠᠨ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠯᠠᠲ᠋ᠢᠨ ᠠᠮᠧᠷᠢᠺᠠ ᠶᠢᠨ ᠬᠠᠮᠲᠤ ᠴᠣᠭᠴᠠ ᠶᠢᠨ ᠭᠠᠵᠠᠷ ᠣᠷᠣᠨ ᠤ ᠪᠠᠨ ᠤᠯᠤᠰ ᠤᠨ | ᠬᠠᠮᠲᠤᠷᠠᠯᠴᠠᠭ᠎ᠠ ᠥᠷᠨᠢᠭᠦᠯᠵᠦ᠂ ᠥᠷᠢᠰᠥᠯᠳᠦᠭᠡᠨ ᠢ ᠠᠷᠭᠠᠴᠠᠭᠠᠬᠤ ᠶᠢ ᠵᠤᠬᠢᠴᠠᠭᠤᠯᠬᠤ ᠶᠢ ᠳᠡᠮᠵᠢᠪᠡ᠃ 2014 ᠣᠨ ᠤ 7 ᠰᠠᠷ᠎ᠠ ᠳᠤ᠂ ᠪᠢ ᠭᠠᠵᠠᠷ ᠣᠷᠤᠨ ᠤ | ᠤᠯᠤᠰ ᠤᠳ ᠤᠨ ᠤᠳᠤᠷᠢᠳᠬᠤ ᠬᠥᠮᠦᠰ ᠲᠠᠢ ᠬᠠᠮᠲᠤ ᠪᠠᠷ ᠳᠤᠮᠳᠠᠳᠤ ᠤᠯᠤᠰ — ᠯᠠᠲ᠋ᠢᠨ ᠠᠮᠧᠷᠢᠺᠠ ᠶᠢᠨ ᠬᠠᠮᠲᠤ ᠴᠣᠭᠴᠠ ᠶᠢᠨ ᠶᠠᠷᠢᠶᠠᠨ ᠤ ᠲᠠᠪᠴᠠᠩ ᠢ | ᠪᠠᠶᠢᠭᠤᠯᠬᠤ ᠪᠠᠷ ᠨᠡᠶᠢᠲᠡᠯᠡᠵᠦ᠂ ᠳᠤᠮᠳᠠᠳᠤ ᠤᠯᠤᠰ ᠯᠠᠲ᠋ᠢᠨ ᠠᠮᠧᠷᠢᠺᠠ ᠶᠢᠨ ᠪᠦᠬᠦᠯᠢ ᠴᠣᠭᠴᠠ ᠶᠢᠨ ᠬᠠᠮᠲᠤᠷᠠᠯᠴᠠᠭᠠᠨ ᠤ ᠰᠢᠨ᠎ᠡ ᠠᠷᠭ᠎ᠠ ᠵᠠᠮ ᠢ ᠨᠡᠭᠡᠭᠡᠪᠡ᠃ 7 | ᠵᠢᠯ ᠤᠨ ᠲᠤᠷᠰᠢ᠂ ᠳᠤᠮᠳᠠᠳᠤ ᠤᠯᠤᠰ — ᠯᠠᠲ᠋ᠢᠨ ᠠᠮᠧᠷᠢᠺᠠ ᠶᠢᠨ ᠬᠠᠮᠳᠤ ᠴᠤᠭᠴᠠ ᠶᠢᠨ ᠶᠠᠷᠢᠶᠠᠨ ᠤ ᠲᠠᠪᠴᠠᠩ ᠥᠷᠨᠢᠨ ᠬᠥᠭᠵᠢᠵᠦ᠂ ᠨᠢᠭᠡᠨᠲᠡ ᠳᠤᠮᠳᠠᠳᠤ | ᠤᠯᠤᠰ ᠯᠠᠲ᠋ᠢᠨ ᠠᠮᠧᠷᠢᠺᠠ ᠶᠢᠨ ᠬᠠᠮᠳᠤ ᠴᠤᠭᠴᠠ ᠶᠢᠨ ᠡᠯ᠎ᠡ ᠡᠲᠡᠭᠡᠳ ᠤᠨ ᠨᠥᠬᠦᠷᠰᠡᠭ ᠬᠦᠴᠦᠨ ᠢ ᠨᠢᠭᠲᠠᠷᠠᠭᠤᠯᠬᠤ ᠭᠤᠣᠯ ᠲᠠᠪᠴᠠᠩ ᠪᠤᠯᠵᠤ᠂ ᠳᠤᠮᠳᠠᠳᠤ | ᠤᠯᠤᠰ ᠯᠠᠲ᠋ᠢᠨ ᠠᠮᠧᠷᠢᠺᠠ ᠶᠢᠨ ᠬᠠᠮᠳᠤ ᠴᠤᠭᠴᠠ ᠶᠢᠨ ᠬᠠᠷᠢᠯᠴᠠᠭ᠎ᠠ ᠶᠢ ᠭᠦᠨᠵᠡᠭᠡᠶᠢᠷᠡᠭᠦᠯᠬᠦ ᠳᠤ ᠴᠢᠬᠤᠯᠠ ᠬᠤᠪᠢ ᠨᠡᠮᠡᠷᠢ ᠦᠵᠡᠭᠦᠯᠵᠠᠢ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠳᠡᠯᠡᠬᠡᠢ ᠶᠢᠨ ᠬᠤᠪᠢᠷᠠᠯᠳᠠ ᠶᠡᠬᠡᠳᠠᠢ ᠪᠠᠶᠢᠳᠠᠯ ᠢ ᠥᠩᠭᠡᠷᠡᠭᠡᠵᠦ᠂ ᠳᠤᠮᠳᠠᠳᠤ ᠤᠯᠤᠰ ᠯᠠᠲ᠋ᠢᠨ ᠠᠮᠧᠷᠢᠺᠠ ᠶᠢᠨ ᠬᠠᠮᠳᠤ ᠴᠤᠭᠴᠠ ᠶᠢᠨ | ᠬᠠᠷᠢᠯᠴᠠᠭ᠎ᠠ ᠨᠢᠭᠡᠨᠲᠡ ᠡᠷᠬᠡ ᠲᠡᠭᠰᠢ᠂ ᠬᠠᠷᠢᠯᠴᠠᠨ ᠠᠰᠢᠭᠲᠠᠢ᠂ ᠰᠢᠨ᠎ᠡ ᠶᠢ ᠡᠭᠦᠳᠬᠦ᠂ ᠨᠡᠭᠡᠭᠡᠯᠲᠡ ᠲᠠᠢ᠂ ᠠᠷᠠᠳ ᠲᠤ ᠠᠰᠢᠭ ᠬᠦᠷᠲᠡᠭᠡᠬᠦ ᠰᠢᠨ᠎ᠡ ᠴᠠᠭ ᠦᠶ᠎ᠡ ᠳᠤ | ᠣᠷᠣᠪᠠ᠃ ᠳᠤᠮᠳᠠᠳᠤ ᠤᠯᠤᠰ ᠯᠠᠲ᠋ᠢᠨ ᠠᠮᠧᠷᠢᠺᠠ ᠶᠢᠨ ᠬᠠᠮᠳᠤ ᠴᠤᠭᠴᠠ ᠶᠢᠨ ᠨᠥᠬᠦᠷᠯᠡᠯ ᠶᠠᠪᠤᠬᠤ ᠲᠤᠳᠤᠮ ᠰᠢᠨᠡᠳᠴᠦ᠂ ᠬᠥᠮᠦᠰ ᠤᠨ ᠰᠡᠳᠬᠢᠯ ᠳᠤ ᠭᠦᠨ | ᠬᠠᠳᠠᠩᠰᠢᠪᠠ᠃ ᠨᠢᠳᠤᠨᠤᠨ ᠠᠴᠠ ᠨᠠᠭᠠᠰᠢ᠂ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ | ᠳᠤᠮᠳᠠᠳᠤ ᠤᠯᠤᠰ ᠯᠠᠲ᠋ᠢᠨ ᠠᠮᠧᠷᠢᠺᠠ ᠶᠢᠨ ᠬᠠᠮᠳᠤ ᠴᠤᠭᠴᠠ ᠶᠢᠨ ᠬᠢᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠢᠵᠢᠭ ᠲᠠᠢ ᠲᠡᠮᠡᠴᠡᠬᠦ ᠪᠦᠬᠦ ᠲᠠᠯ᠎ᠠ ᠶᠢᠨ | ᠬᠠᠮᠲᠤᠷᠠᠯᠴᠠᠭ᠎ᠠ ᠥᠷᠨᠢᠭᠦᠯᠪᠡ᠃ ᠳᠤᠮᠳᠠᠳᠤ ᠤᠯᠤᠰ ᠦᠷᠭᠦᠯᠵᠢᠯᠡᠨ ᠯᠠᠲ᠋ᠢᠨ ᠠᠮᠧᠷᠢᠺᠠ ᠪᠣᠯᠤᠨ ᠺᠠᠷᠢᠪᠧ ᠶᠢᠨ ᠤᠯᠤᠰ ᠤᠳ ᠲᠤ ᠠᠯᠢ ᠪᠣᠯᠬᠤᠶᠢᠴᠠ ᠬᠠᠪᠰᠤᠷᠤᠯᠭ᠎ᠠ | ᠦᠵᠡᠭᠦᠯᠵᠦ᠂ ᠭᠠᠵᠠᠷ ᠣᠷᠣᠨ ᠤ ᠤᠯᠤᠰ ᠤᠳ ᠤᠨ ᠡᠷᠲᠡᠬᠡᠨ ᠬᠢᠵᠢᠭ ᠤᠨ ᠪᠠᠶᠢᠳᠠᠯ ᠢ ᠢᠯᠠᠨ ᠳᠠᠪᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠠᠨ | ᠰᠡᠷᠭᠦᠭᠡᠬᠦ ᠳᠤ ᠬᠦᠴᠦᠨ ᠨᠡᠮᠡᠷᠢᠯᠡᠨ᠎ᠡ᠃ ᠳᠤᠮᠳᠠᠳᠤ ᠤᠯᠤᠰ ᠳᠤᠷᠠᠲᠠᠶ᠎ᠠ ᠯᠠᠲ᠋ᠢᠨ ᠠᠮᠧᠷᠢᠺᠠ ᠪᠣᠯᠤᠨ ᠺᠠᠷᠢᠪᠧ ᠶᠢᠨ ᠤᠯᠤᠰ ᠤᠳ ᠲᠠᠢ ᠬᠠᠳᠠᠭᠤᠵᠢᠯᠳᠠᠢ ᠴᠠᠬ ᠢ | ᠬᠠᠮᠲᠤ ᠪᠠᠷ ᠲᠤᠭᠤᠯᠵᠤ᠂ ᠠᠵᠠ ᠲᠣᠬᠢᠶᠠᠯ ᠢ ᠬᠠᠮᠲᠤ ᠪᠠᠷ ᠡᠭᠦᠳᠴᠦ᠂ ᠭᠠᠷ ᠬᠤᠯᠪᠣᠨ ᠳᠤᠮᠳᠠᠳᠤ ᠤᠯᠤᠰ ᠯᠠᠲ᠋ᠢᠨ ᠠᠮᠧᠷᠢᠺᠠ ᠶᠢᠨ ᠬᠤᠪᠢ ᠵᠠᠶᠠᠭᠠᠨ ᠤ ᠬᠠᠮᠲᠤ | ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠵᠤ ᠴᠢᠬᠤᠯᠠᠴᠢᠯᠠᠪᠠ᠃ | |