ᠰᠢᠨᠬᠤᠸᠠ ᠬᠤᠷᠢᠶᠠᠨ ᠤ ᠪᠡᠭᠡᠵᠢᠩ ᠤᠨ 9 ᠰᠠᠷ᠎ᠠ ᠶᠢᠨ 20 ᠤ ᠴᠠᠬᠢᠯᠭᠠᠨ ᠮᠡᠳᠡᠭᠡ 9 ᠰᠠᠷ᠎ᠠ ᠶᠢᠨ 20 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ | ᠫᠢᠩ ᠠᠯᠵᠧᠷᠢᠶ᠎ᠠ ᠶᠢᠨ ᠤᠤᠯ ᠤᠨ ᠶᠡᠷᠦᠩᠬᠡᠶᠢᠯᠡᠭᠴᠢ ᠪᠦᠲ᠋ᠧᠹᠯᠢᠺᠠ ᠶᠢᠨ ᠨᠠᠰᠤ ᠪᠠᠷᠠᠭᠰᠠᠨ ᠳᠤᠬᠠᠢ ᠠᠯᠵᠧᠷᠢᠶ᠎ᠠ ᠶᠢᠨ ᠶᠡᠷᠦᠩᠬᠡᠶᠢᠯᠡᠭᠴᠢ ᠲᠧᠪᠧᠨ ᠳᠤ | ᠭᠠᠰᠢᠭᠤᠳᠠᠯ ᠤᠨ ᠴᠠᠬᠢᠯᠭᠠᠨ ᠴᠢᠮᠡᠭᠡ ᠶᠠᠪᠤᠭᠤᠯᠪᠠ᠃ | ᠰᠢ ᠶᠢᠨ ᠫᠢᠩ ᠭᠠᠰᠢᠭᠤᠳᠠᠯ ᠤᠨ ᠴᠠᠬᠢᠯᠭᠠᠨ ᠴᠢᠮᠡᠭᠡ ᠳᠡᠭᠡᠨ᠂ ᠪᠦᠲ᠋ᠧᠹᠯᠢᠺᠠ ᠠᠪᠤᠭᠠᠢ ᠪᠣᠯ ᠠᠯᠵᠧᠷᠢᠶ᠎ᠠ᠂ ᠠᠷᠠᠪ ᠤᠨ ᠶᠢᠷᠲᠢᠨᠴᠦ᠂ ᠠᠹᠷᠢᠺᠠ ᠲᠢᠪ ᠤᠨ | ᠭᠠᠷᠮᠠᠭᠠᠢ ᠤᠯᠤᠰ ᠲᠦᠷᠦᠴᠢᠨ ᠪᠠ ᠦᠨᠳᠦᠰᠦᠲᠡᠨ ᠤ ᠴᠢᠯᠥᠭᠡᠯᠡᠯᠲᠡ ᠶᠢᠨ ᠬᠥᠳᠡᠯᠭᠡᠭᠡᠨ ᠤ ᠤᠳᠤᠷᠢᠳᠬᠤ ᠬᠥᠮᠦᠨ ᠪᠣᠯᠤᠨ᠎ᠠ᠂ ᠳᠤᠮᠳᠠᠳᠤ ᠤᠯᠤᠰ ᠤᠨ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ ᠬᠠᠤᠯᠢ ᠶᠣᠰᠣᠨ ᠤ ᠪᠠᠶᠢᠷᠢ ᠰᠠᠭᠤᠷᠢ ᠶᠢ ᠰᠡᠷᠭᠦᠭᠡᠬᠦ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠶᠤᠮ᠃ ᠲᠡᠷᠡ | ᠶᠡᠷᠦᠩᠬᠡᠶᠢᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠬᠰᠠᠨ ᠬᠤᠭᠤᠴᠠᠭᠠᠨ ᠳᠠᠭᠠᠨ᠂ ᠳᠤᠮᠳᠠᠳᠤ ᠠᠯᠵᠧᠷᠢᠶ᠎ᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠢᠳᠡᠪᠬᠢᠲᠡᠢ | ᠠᠬᠢᠭᠤᠯᠵᠤ᠂ ᠬᠤᠶᠠᠷ ᠤᠯᠤᠰ ᠤᠨ ᠨᠥᠬᠦᠷᠰᠡᠭ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠢ ᠵᠤᠵᠠᠭᠠᠳᠬᠠᠵᠠᠢ | ᠃ ᠲᠡᠭᠦᠨ ᠤ ᠨᠠᠰᠤ ᠪᠠᠷᠠᠭᠰᠠᠨ ᠨᠢ ᠳᠤᠮᠳᠠᠳᠤ ᠤᠯᠤᠰ ᠤᠨ ᠠᠷᠠᠳ ᠲᠦᠮᠡᠨ ᠤ ᠨᠢᠭᠡᠨ ᠬᠠᠭᠤᠴᠢᠨ ᠨᠠᠶᠢᠵᠠ ᠪᠠᠨ ᠠᠯᠳᠠᠬᠰᠠᠨ ᠶᠠᠪᠤᠳᠠᠯ ᠪᠤᠯᠤᠨ᠎ᠠ᠃ ᠳᠤᠮᠳᠠᠳᠤ | ᠤᠯᠤᠰ ᠤᠨ ᠬᠢᠨ ᠳᠤᠮᠳᠠᠳᠤ ᠠᠯᠵᠧᠷᠢᠶ᠎ᠠ ᠶᠢᠨ ᠤᠯᠠᠮᠵᠢᠯᠠᠯᠲᠤ ᠨᠥᠬᠦᠷᠯᠡᠯ ᠢ ᠨᠠᠨᠳᠢᠩᠨᠠᠵᠤ᠂ ᠳᠤᠷᠠᠲᠠᠶ᠎ᠠ ᠠᠯᠵᠧᠷᠢᠶ᠎ᠠ ᠶᠢᠨ ᠵᠠᠰᠠᠭ ᠤᠨ ᠣᠷᠳᠣᠨ ᠪᠣᠯᠤᠨ ᠠᠷᠠᠳ | ᠲᠦᠮᠡᠨ ᠲᠠᠢ ᠬᠠᠮᠲᠤ ᠪᠠᠷ ᠴᠢᠷᠮᠠᠶᠢᠵᠤ ᠪᠠᠶᠢᠭᠠᠳ ᠬᠤᠶᠠᠷ ᠲᠠᠯ᠎ᠠ ᠶᠢᠨ ᠡᠯ᠎ᠡ ᠬᠦᠷᠢᠶᠡᠨ ᠤ ᠬᠠᠮᠲᠤᠷᠠᠯᠴᠠᠭ᠎ᠠ ᠶᠢ ᠥᠷᠭᠡᠳᠬᠡᠨ ᠭᠦᠨᠵᠡᠭᠡᠶᠢᠷᠡᠭᠦᠯᠵᠦ᠂ ᠳᠤᠮᠳᠠᠳᠤ | ᠠᠯᠵᠧᠷᠢᠶ᠎ᠠ ᠶᠢᠨ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠲᠠ ᠥᠬᠡᠶ ᠬᠥᠭᠵᠢᠬᠦ ᠶᠢ ᠠᠬᠢᠭᠤᠯᠤᠨ᠎ᠠ ᠭᠡᠵᠦ ᠵᠢᠭᠠᠵᠤ | ᠭᠠᠷᠭᠠᠪᠠ᠃ | |