| 9 ᠳ᠋ᠦ᠋ᠭᠡᠷ ᠰᠠᠷ᠎ᠠ ᠶᠢᠨ 16 ᠠᠴᠠ 18 ᠤ ᠡᠳᠦᠷ ᠪᠣᠯᠲᠠᠯ᠎ᠠ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠱᠦᠵᠢ ᠯᠦ ᠰᠢᠨ ᠱᠧ ᠪᠣᠯᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠯᠠᠨ ᠲᠢᠶᠠᠨ ᠯᠢ ᠶᠢᠨ ᠪᠠᠷ᠎ᠠ ᠪᠤᠯᠤᠯᠭ᠎ᠠ ᠲᠠᠢ ᠪᠠᠷ᠂ ᠢᠦᠢ | ᠯᠢᠨ᠂ ᠨᠠᠨᠨᠢᠩ ᠳᠤ ᠰᠢᠨᠵᠢᠯᠡᠨ ᠪᠠᠶᠢᠴᠠᠭᠠᠯᠲᠠ ᠬᠢᠬᠦ ᠳᠤ ᠪᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠥᠭᠡᠷᠡᠴᠢᠯᠡᠯᠲᠡ ᠨᠡᠭᠡᠭᠡᠯᠳᠡ ᠶᠢ ᠶᠡᠭᠡ ᠪᠠᠷ ᠠᠬᠢᠭᠤᠯᠵᠤ᠂ ᠠᠵᠤ ᠠᠬᠤᠢ ᠶᠢᠨ ᠠᠵᠢᠯᠯᠠᠭᠠᠨ ᠢ ᠵᠦᠢ ᠵᠣᠬᠢᠰᠲᠠᠢ | ᠣᠷᠣᠨ ᠵᠠᠢ ᠳᠤ ᠪᠠᠶᠢᠯᠭᠠᠬᠤ ᠶᠢ ᠪᠠᠲᠤᠯᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠵᠦ᠂ ᠴᠢᠨᠠᠷᠯᠢᠭ ᠬᠥᠭᠵᠢᠯᠲᠡ ᠶᠢ ᠠᠬᠢᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ | | | | | ᠨᠠᠮ ᠤᠨ ᠲᠥᠪ ᠬᠤᠷᠢᠶᠠᠨ ᠤ ᠤᠯᠣᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ | ᠯᠢ ᠺᠧ ᠴᠢᠶᠠᠩ ᠭᠤᠸᠠᠩᠰᠢ ᠶᠢᠨ ᠢᠦᠢ ᠯᠢᠨ᠂ ᠨᠠᠨᠨᠢᠩ ᠳᠤ ᠰᠢᠨᠵᠢᠯᠡᠨ ᠪᠠᠶᠢᠴᠠᠭᠠᠯᠲᠠ ᠬᠢᠪᠡ᠃ ᠵᠢᠷᠤᠭ ᠪᠣᠯ 9 ᠳ᠋ᠦ᠋ᠭᠡᠷ ᠰᠠᠷ᠎ᠠ ᠶᠢᠨ 16 ᠤ ᠡᠳᠦᠷ ᠯᠢ ᠺᠧ | ᠴᠢᠶᠠᠩ ᠢᠦᠶ ᠴᠠᠢ ᠪᠦᠯᠦᠭᠯᠡᠯ ᠳᠤ ᠠᠵᠢᠯ ᠪᠠᠶᠢᠴᠠᠭᠠᠵᠤ ᠪᠠᠶᠢᠭ᠎ᠠ ᠨᠢ᠃ | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠳ᠋ᠢᠩ ᠯᠢᠨ ᠰᠡᠭᠦᠳᠡᠷᠯᠡᠪᠡ | ᠯᠢ ᠺᠧ ᠴᠢᠶᠠᠩ ᠢᠦᠢ ᠴᠠᠢ ᠪᠦᠯᠦᠭᠯᠡᠯ ᠳᠤ ᠰᠢᠨᠵᠢᠯᠡᠨ ᠪᠠᠶᠢᠴᠠᠭᠠᠵᠤ᠂ ᠠᠵᠤ ᠠᠬᠤᠶᠢᠯᠠᠯ ᠨᠢ ᠤᠯᠤᠰ ᠤᠨ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ | ᠲᠣᠭᠲᠠᠭᠠᠯ ᠳᠤᠮᠳᠠ ᠠᠴᠠ ᠮᠠᠰᠢ ᠶᠡᠭᠡ ᠠᠰᠢᠭ ᠬᠦᠷᠳᠡᠭᠰᠡᠨ ᠢ ᠣᠯᠵᠤ ᠮᠡᠳᠡᠭᠡᠳ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠵᠤ ᠪᠠᠶᠢᠭ᠎ᠠ ᠨᠢ ᠳᠠᠷᠤᠢ | ᠠᠵᠤ ᠠᠬᠤᠶᠢᠯᠠᠯ ᠤᠨ ᠠᠴᠢᠶ᠎ᠠ ᠶᠢ ᠬᠥᠩᠭᠡᠯᠡᠨ ᠤᠷᠤᠭᠰᠢᠯᠠᠭᠤᠯᠬᠤ ᠶᠢᠨ ᠲᠥᠯᠥᠭᠡ ᠶᠤᠮ᠂ ᠠᠵᠤ ᠠᠬᠤᠶᠢᠯᠠᠯ ᠰᠠᠶᠢᠲᠤᠷ ᠬᠥᠭᠵᠢᠪᠡᠯ ᠤᠯᠤᠰ ᠣᠷᠣᠨ ᠳᠤ ᠨᠡᠩ | ᠶᠡᠭᠡ ᠬᠤᠪᠢ ᠨᠡᠮᠡᠷᠢ ᠦᠵᠡᠭᠦᠯᠬᠦ ᠪᠣᠯᠤᠨ᠎ᠠ ᠭᠡᠵᠦ ᠬᠡᠯᠡᠪᠡ᠃ | ᠯᠢ ᠺᠧ ᠴᠢᠶᠠᠩ ᠢᠦᠢ ᠴᠠᠢ ᠶᠢᠨ ᠢᠵᠢ ᠪᠦᠷᠢᠳᠦᠭᠦᠯᠦᠭᠰᠡᠨ ᠵᠢᠵᠢᠭ ᠠᠵᠤ ᠠᠬᠤᠶᠢᠯᠠᠯ ᠤᠨ ᠬᠠᠷᠢᠭᠤᠴᠠᠯᠭᠠᠲᠠᠳ ᠲᠠᠢ ᠶᠠᠷᠢᠯᠴᠠᠵᠤ᠂ ᠶᠠᠮᠠᠷ ᠬᠦᠴᠢᠷᠳᠡᠯ | ᠪᠠᠶᠢᠬᠤ ᠶᠢ ᠯᠠᠪᠯᠠᠨ ᠠᠰᠠᠭᠤᠪᠠ᠃ ᠲᠡᠷᠡ ᠬᠡᠯᠡᠬᠦ ᠳᠤ ᠪᠠᠨ᠂ ᠵᠢᠵᠢᠭ ᠠᠵᠤ ᠠᠬᠤᠶᠢᠯᠠᠯ ᠥᠷᠭᠡᠨ ᠬᠡᠪᠴᠢᠶ᠎ᠡ ᠪᠠᠷ ᠲᠠᠷᠬᠠᠨ᠂ ᠲᠤᠮᠤ ᠠᠵᠤ ᠠᠬᠤᠶᠢᠯᠠᠯ ᠳᠤ ᠴᠢᠬᠤᠯᠠ | ᠪᠦᠬᠦᠢ ᠲᠤᠯᠭᠠᠭᠤᠷᠢᠯᠠᠯ ᠬᠠᠩᠭᠠᠵᠤ᠂ ᠵᠢᠵᠢᠭ ᠠᠵᠤ ᠠᠬᠤᠶᠢᠯᠠᠯ ᠪᠣᠯᠤᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠡᠭᠡ ᠬᠡᠮᠵᠢᠶᠡᠨ ᠤ ᠠᠵᠢᠯ | ᠣᠯᠭᠤᠯᠲᠠ ᠶᠢᠨ ᠠᠰᠠᠭᠤᠳᠠᠯ ᠢ ᠰᠢᠢᠳᠪᠦᠷᠢᠯᠡᠭᠰᠡᠨ ᠤ ᠠᠷᠤ ᠳᠤ ᠲᠦᠭ ᠲᠦᠮᠡᠨ ᠭᠡᠷ ᠪᠦᠯᠢ ᠶᠢᠨ ᠠᠮᠢᠳᠤᠷᠠᠯ ᠪᠣᠯᠤᠨ ᠦᠷ᠎ᠡ ᠬᠡᠦᠬᠡᠳ ᠤᠨ ᠰᠤᠷᠭᠠᠨ ᠬᠥᠮᠦᠵᠢᠯ ᠲᠠᠢ | ᠬᠤᠯᠪᠣᠭᠳᠠᠵᠤ ᠪᠠᠶᠢᠨ᠎ᠠ᠃ ᠲᠠ ᠨᠠᠷ ᠤᠨ ᠲᠤᠰᠬᠠᠭᠰᠠᠨ ᠥᠷᠭᠡᠨ ᠬᠡᠷᠡᠭᠴᠡᠭᠡᠨ ᠤ ᠲᠠᠸᠠᠷ ᠤᠨ ᠦᠨ᠎ᠡ ᠬᠠᠩᠰᠢ ᠶᠡᠭᠡ ᠥᠰᠦᠭᠰᠡᠨ ᠵᠡᠷᠭᠡ ᠠᠰᠠᠭᠤᠳᠠᠯ ᠳᠤ | ᠤᠯᠤᠰ ᠠᠴᠠ ᠦᠷᠭᠦᠯᠵᠢᠯᠡᠨ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠵᠠᠬ᠎ᠠ ᠳᠡᠯᠭᠡᠭᠦᠷᠴᠢᠯᠡᠬᠦ ᠠᠷᠭ᠎ᠠ ᠪᠠᠷ ᠦᠨ᠎ᠡ ᠬᠠᠩᠰᠢ ᠶᠢ | ᠲᠣᠭᠲᠠᠪᠤᠷᠢᠵᠢᠭᠤᠯᠬᠤ ᠶᠢ ᠨᠡᠩ ᠴᠢᠬᠤᠯᠠᠴᠢᠯᠠᠬᠤ ᠪᠣᠯᠣᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠶ ᠶᠢᠨ ᠪᠠᠶᠢᠳᠠᠯ ᠤᠨ ᠬᠤᠪᠢᠷᠠᠯᠲᠠ ᠳᠤ | ᠴᠢᠭᠯᠡᠭᠦᠯᠦᠨ᠂ ᠬᠤᠷᠸ᠎ᠠ ᠲᠦᠷᠦ ᠶᠢᠨ ᠪᠤᠳᠤᠯᠭ᠎ᠠ ᠶᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠡᠷᠡᠭᠴᠡᠭᠡ ᠪᠠᠷ ᠭᠤᠣᠯᠯᠠᠭᠤᠯᠤᠨ ᠨᠠᠷᠢᠯᠢᠭ ᠣᠨᠣᠴᠠᠲᠠᠶ ᠪᠠᠷ | ᠬᠡᠷᠡᠭᠵᠢᠭᠦᠯᠵᠦ᠂ ᠵᠦᠢ ᠵᠣᠬᠢᠰᠲᠠᠶ ᠵᠢᠱᠢᠯᠲᠡ ᠶᠢ ᠲᠣᠭᠲᠠᠪᠤᠷᠢᠵᠢᠭᠤᠯᠵᠤ᠂ ᠠᠵᠤ ᠠᠬᠤᠶ ᠶᠢᠨ ᠲᠣᠭᠲᠠᠭᠤᠨ ᠠᠵᠢᠯᠯᠠᠭᠠᠨ ᠢ ᠪᠠᠲᠤᠯᠠᠨ᠎ᠠ ᠭᠡᠵᠡᠢ᠃ | | | | | ᠨᠠᠮ ᠤᠨ ᠲᠥᠪ ᠬᠤᠷᠢᠶᠠᠨ ᠤ ᠤᠯᠣᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ | ᠯᠢ ᠺᠧ ᠴᠢᠶᠠᠩ ᠭᠤᠸᠠᠩᠰᠢ ᠶᠢᠨ ᠢᠦᠢ ᠯᠢᠨ᠂ ᠨᠠᠨᠨᠢᠩ ᠳᠤ ᠰᠢᠨᠵᠢᠯᠡᠨ ᠪᠠᠶᠢᠴᠠᠭᠠᠯᠲᠠ ᠬᠢᠪᠡ᠃ ᠵᠢᠷᠤᠭ ᠪᠣᠯ 9 ᠳ᠋ᠦ᠋ᠭᠡᠷ ᠰᠠᠷ᠎ᠠ ᠶᠢᠨ 16 ᠤ ᠡᠳᠦᠷ ᠯᠢ ᠺᠧ | ᠴᠢᠶᠠᠩ ᠯᠦᠴᠤᠸᠠᠨ ᠰᠢᠶᠠᠨ ᠤ ᠳ᠋ᠦᠩ ᠰᠢ ᠼᠦᠨ ᠲᠣᠰᠬᠤᠨ ᠤ ᠨᠢᠰᠢᠩᠭᠦ ᠶᠢᠨ ᠲᠠᠷᠢᠶᠠᠨ ᠳᠤ ᠬᠦᠷᠴᠦ ᠨᠢᠰᠢᠩᠭᠦ ᠶᠢᠨ ᠲᠠᠷᠢᠶᠠᠴᠢᠳ ᠲᠠᠢ ᠶᠠᠷᠢᠯᠴᠠᠵᠤ ᠪᠠᠶᠢᠭ᠎ᠠ ᠨᠢ᠃ | | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠳ᠋ᠢᠩ ᠯᠢᠨ ᠰᠡᠭᠦᠳᠡᠷᠯᠡᠪᠡ | ᠯᠦᠴᠤᠸᠠᠨ ᠰᠢᠶᠠᠨ ᠤ ᠳ᠋ᠦᠩ ᠰᠢ ᠼᠦᠨ ᠲᠣᠰᠬᠤᠨ ᠳᠤ᠂ ᠯᠢ ᠺᠧ ᠴᠢᠶᠠᠩ ᠨᠢᠰᠢᠩᠭᠦ ᠶᠢᠨ ᠲᠠᠷᠢᠶᠠᠨ ᠳᠤ ᠬᠦᠷᠴᠦ ᠨᠢᠰᠢᠩᠭᠦ ᠶᠢᠨ ᠲᠠᠷᠢᠶᠠᠴᠢᠳ ᠲᠠᠢ | ᠶᠠᠷᠢᠯᠴᠠᠪᠠ᠃ ᠲᠡᠷᠡ ᠬᠡᠯᠡᠬᠦ ᠳᠤ ᠪᠠᠨ᠂ ᠨᠢᠰᠢᠩᠭᠦ ᠶᠢᠨ ᠰᠢᠬᠢᠷ ᠪᠣᠯ ᠢᠳᠡᠭᠡᠨ ᠵᠡᠷᠭᠡ ᠠᠵᠤ ᠦᠢᠯᠡᠰ ᠤᠨ ᠴᠢᠬᠤᠯᠠ ᠲᠦᠭᠦᠬᠡᠢ ᠮᠠᠲ᠋ᠧᠷᠢᠶᠠᠯ ᠮᠥᠨ᠂ ᠪᠦᠬᠦ | ᠤᠯᠤᠰ ᠤᠨ ᠰᠢᠬᠢᠷ ᠤᠨ ᠭᠤᠷᠪᠠᠨ ᠤ ᠬᠤᠶᠠᠷ ᠨᠢ ᠭᠤᠸᠠᠩᠰᠢ ᠠᠴᠠ ᠢᠷᠡᠭᠰᠡᠨ ᠶᠤᠮ᠂ ᠲᠠ ᠨᠠᠷ ᠰᠢᠷᠭᠠᠭᠤ ᠬᠠᠲᠠᠭᠤᠵᠢᠯᠲᠠᠢ ᠬᠥᠳᠡᠯᠮᠦᠷᠢᠯᠡᠭᠡᠳ ᠲᠦᠭ ᠲᠦᠮᠡᠨ | ᠠᠶᠢᠯ ᠡᠷᠦᠬᠡ ᠳᠤ ᠠᠮᠲᠠᠲᠤ ᠰᠢᠬᠢᠷ ᠬᠦᠷᠭᠡᠵᠦ ᠪᠠᠶᠢᠨ᠎ᠠ᠃ ᠤᠯᠤᠰ ᠠᠴᠠ ᠨᠢᠰᠢᠩᠭᠦ ᠶᠢᠨ ᠰᠠᠶᠢᠨ ᠡᠭᠦᠯᠳᠡᠷ ᠢ ᠪᠤᠶᠢᠵᠢᠭᠤᠯᠬᠤ᠂ ᠰᠢᠬᠢᠷ ᠤᠨ ᠦᠢᠯᠡᠰ ᠤᠨ | ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠬᠦ ᠲᠠᠯ᠎ᠠ ᠪᠠᠷ ᠳᠡᠮᠵᠢᠯᠭᠡ ᠪᠠᠨ ᠨᠡᠮᠡᠭᠳᠡᠭᠦᠯᠦᠨ᠎ᠡ ᠭᠡᠪᠡ᠃ ᠯᠢ ᠺᠧ ᠴᠢᠶᠠᠩ ᠲᠣᠰᠬᠤᠨ ᠤ ᠠᠷᠠᠳ ᠲᠠᠢ | ᠲᠣᠭᠤᠷᠢᠨ ᠰᠠᠭᠤᠵᠤ ᠵᠣᠭᠤᠭ ᠳᠡᠯᠭᠡᠪᠡ᠃ ᠶᠡᠭᠡ ᠰᠤᠷᠭᠠᠭᠤᠯᠢ ᠲᠡᠭᠦᠰᠦᠭᠰᠡᠨ ᠨᠢᠭᠡᠨ ᠰᠤᠷᠤᠭᠴᠢ ᠲᠠᠢ ᠵᠣᠭᠤᠭᠲᠠᠬᠤ ᠦᠶ᠎ᠡ ᠳᠤ᠂ ᠣᠶᠢᠷ᠎ᠠ ᠬᠠᠪᠢ ᠳᠤ ᠠᠳᠠᠯ | ᠦᠢᠯᠡᠰ ᠴᠣᠭᠴᠠᠯᠠᠵᠤ᠂ 300 ᠬᠥᠮᠦᠨ ᠤ ᠠᠵᠢᠯ ᠣᠯᠭᠤᠯᠲᠠ ᠶᠢ ᠳᠠᠶᠢᠴᠢᠯᠠᠭᠰᠠᠨ ᠢ ᠣᠯᠵᠤ ᠮᠡᠳᠡᠪᠡ᠃ ᠯᠢ ᠺᠧ ᠴᠢᠶᠠᠩ ᠡᠨᠡ ᠨᠢ ᠣᠯᠠᠨ ᠲᠦᠮᠡᠨ ᠢ ᠭᠡᠷ ᠤᠨ | ᠣᠶᠢᠷ᠎ᠠ ᠬᠠᠪᠢ ᠳᠤ ᠪᠠᠨ ᠬᠥᠯᠥᠰᠥᠨ ᠠᠵᠢᠯ ᠬᠢᠵᠦ ᠵᠣᠭᠤᠰ ᠣᠯᠵᠤ ᠴᠢᠳᠠᠬᠤ ᠪᠣᠯᠭᠠᠭᠰᠠᠨ ᠪᠥᠭᠡᠳ ᠨᠠᠰᠤᠲᠠᠨ ᠪᠠ ᠦᠷ᠎ᠡ ᠬᠡᠦᠬᠡᠳ ᠢᠶᠠᠨ ᠬᠠᠷᠠᠭᠠᠯᠵᠠᠵᠤ ᠴᠢᠳᠠᠬᠤ | ᠪᠣᠯᠭᠠᠭᠰᠠᠨ ᠪᠠᠶᠢᠨ᠎ᠠ ᠭᠡᠵᠦ ᠮᠠᠭᠲᠠᠨ ᠰᠠᠶᠢᠰᠢᠶᠠᠪᠠ᠃ ᠨᠤᠲᠤᠭ ᠤᠨ ᠠᠬ᠎ᠠ ᠳᠡᠭᠦᠦ ᠨᠡᠷ ᠤᠨ ᠬᠦᠰᠡᠯ ᠡᠷᠡᠮᠡᠯᠵᠡᠯ ᠳᠤ ᠴᠢᠭᠯᠡᠭᠦᠯᠦᠨ ᠯᠢ ᠺᠧ ᠴᠢᠶᠠᠩ ᠬᠡᠯᠡᠬᠦ ᠳᠤ ᠪᠠᠨ᠂ | ᠣᠳᠣᠬᠠᠨ ᠳᠤ ᠠᠮᠢᠳᠤᠷᠠᠯ ᠰᠠᠶᠢᠵᠢᠷᠠᠵᠤ᠂ ᠮᠠᠰᠢ ᠣᠯᠠᠨ ᠰᠢᠨ᠎ᠡ ᠬᠡᠷᠡᠭᠴᠡᠭᠡ ᠱᠠᠭᠠᠷᠳᠠᠯᠭ᠎ᠠ ᠲᠠᠢ ᠪᠣᠯᠵᠠᠶ᠃ ᠵᠠᠰᠠᠭ ᠤᠨ ᠶᠠᠪᠤᠳᠠᠯ ᠢ ᠠᠷᠠᠳ ᠠᠴᠠ ᠠᠰᠠᠭᠤᠵᠤ᠂ | ᠴᠢᠳᠠᠯ ᠤᠨ ᠬᠢᠷᠢ ᠪᠠᠷ ᠢᠶᠠᠨ ᠬᠢᠵᠦ᠂ ᠣᠯᠠᠨ ᠲᠦᠮᠡᠨ ᠤ ᠬᠦᠰᠡᠵᠦ ᠱᠠᠭᠠᠷᠳᠠᠵᠤ ᠪᠠᠶᠢᠭ᠎ᠠ ᠤᠴᠢᠷ ᠶᠠᠪᠤᠳᠠᠯ ᠢ ᠰᠠᠶᠢᠲᠤᠷ ᠬᠢᠬᠦ ᠬᠡᠷᠡᠭᠲᠡᠶ ᠭᠡᠵᠡᠶ᠃ | ᠯᠢ ᠺᠧ ᠴᠢᠶᠠᠩ ᠭᠤᠸᠠᠩᠰᠢ ᠶᠢᠨ RCEP ᠶᠢ ᠵᠣᠯᠭᠠᠭᠤᠯᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠠᠳᠠᠭᠠᠳᠤ ᠪᠡᠯᠡ ᠶᠢᠨ ᠬᠤᠪᠢ | ᠡᠵᠡᠮᠳᠡᠭᠰᠡᠨ ᠳᠤᠮᠳᠠᠳᠤ ᠰᠢᠩᠭᠠᠫᠣᠷ ᠤᠨ ᠨᠠᠨᠨᠢᠩ ᠳᠠᠬᠢ ᠤᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠢ ᠰᠢᠨᠵᠢᠯᠡᠨ ᠪᠠᠶᠢᠴᠠᠭᠠᠪᠠ᠃ ᠲᠡᠷᠡ | ᠬᠡᠯᠡᠬᠦ ᠳᠤ ᠪᠠᠨ᠂ ᠳᠤᠮᠳᠠᠳᠤ ᠤᠯᠤᠰ ᠨᠡᠬᠡᠬᠡᠯᠳᠡ ᠬᠢᠬᠦ ᠪᠠᠨ ᠨᠡᠩ ᠴᠢᠨᠠᠭᠰᠢᠳᠠ ᠥᠷᠭᠡᠳᠬᠡᠵᠦ᠂ ᠦᠷᠭᠦᠯᠵᠢᠯᠡᠨ ᠭᠠᠳᠠᠭᠠᠳᠤ ᠪᠡᠯᠡ ᠶᠢ ᠲᠠᠲᠠᠬᠤ ᠦᠩ ᠰᠢᠮᠡᠯᠢᠭ | ᠬᠥᠷᠥᠰᠥ ᠶᠢ ᠪᠣᠢ ᠪᠣᠯᠭᠠᠵᠤ᠂ ᠳᠡᠯᠡᠬᠡᠢ ᠶᠢᠨ ᠠᠵᠤ ᠠᠬᠤᠢ ᠲᠠᠢ ᠨᠡᠩ ᠭᠦᠨᠵᠡᠭᠡᠢ ᠠᠭᠤᠰᠤᠯᠴᠠᠵᠤ᠂ ᠨᠡᠩ ᠲᠣᠭᠲᠠᠭᠤᠨ ᠠᠵᠤ ᠦᠢᠯᠡᠰ ᠤᠨ ᠬᠡᠯᠬᠢᠶ᠎ᠡ ᠪᠠ | ᠬᠠᠩᠭᠠᠯᠭ᠎ᠠ ᠶᠢᠨ ᠬᠡᠯᠬᠢᠶ᠎ᠡ ᠶᠢ ᠪᠦᠷᠢᠯᠳᠦᠭᠦᠯᠬᠦ ᠬᠡᠷᠡᠭᠲᠡᠢ᠃ ᠭᠤᠸᠠᠩᠰᠢ ᠶᠢᠨ ᠣᠷᠣᠨ ᠪᠠᠶᠢᠷᠢ ᠶᠢᠨ ᠳᠠᠪᠠᠭᠤᠯᠢᠭ ᠢᠯᠡᠳᠲᠡ ᠪᠠᠶᠢᠨ᠎ᠠ᠂ ᠠᠵᠠ ᠲᠣᠬᠢᠶᠠᠯ ᠢ ᠡᠵᠡᠮᠳᠡᠵᠦ | ᠂ RCEP ᠲᠦᠷᠢᠮ ᠢ ᠰᠠᠶᠢᠲᠤᠷ ᠠᠰᠢᠭᠯᠠᠨ᠂ ᠠᠵᠤ ᠦᠢᠯᠡᠰ ᠤᠨ ᠳᠤᠮᠳᠠ ᠳᠡᠭᠡᠳᠦ ᠲᠡᠰ ᠲᠡᠶᠢᠰᠢ ᠬᠡᠯᠪᠡᠷᠢ ᠬᠤᠪᠢᠷᠠᠭᠤᠯᠤᠨ ᠤᠷᠤᠭᠰᠢᠯᠠᠬᠤ ᠶᠢ ᠠᠬᠢᠭᠤᠯᠵᠤ᠂ | RCEP ᠶᠢᠨ ᠭᠡᠰᠢᠭᠦᠨ ᠤᠯᠤᠰ ᠢᠯᠠᠩᠭᠤᠶ᠎ᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠥᠨᠳᠥᠷ | ᠬᠢᠷᠢ ᠲᠦᠪᠰᠢᠨ ᠪᠦᠬᠦᠢ ᠨᠡᠭᠡᠭᠡᠯᠲᠡᠲᠦ ᠵᠢᠱᠢᠶ᠎ᠡ ᠦᠵᠡᠭᠦᠯᠬᠦ ᠲᠠᠪᠴᠠᠩ ᠢ ᠪᠤᠢ ᠪᠣᠯᠭᠠᠬᠤ ᠬᠡᠷᠡᠭᠲᠡᠶ ᠭᠡᠵᠡᠢ᠃ | ᠯᠢ ᠺᠧ ᠴᠢᠶᠠᠩ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯᠬᠤ ᠷᠦᠢ ᠱᠧᠩ ᠰᠢᠨᠵᠢᠯᠡᠬᠦ ᠤᠬᠠᠭᠠᠨ ᠮᠡᠷᠭᠡᠵᠢᠯ ᠤᠨ ᠬᠡᠳᠦᠨ ᠠᠷᠪᠠᠨ ᠵᠢᠯ ᠤᠨ | ᠬᠥᠭᠵᠢᠯᠲᠡ ᠶᠢᠨ ᠲᠠᠨᠢᠯᠴᠠᠭᠤᠯᠭ᠎ᠠ ᠶᠢ ᠰᠣᠨᠣᠰᠬᠤ ᠳᠤ ᠪᠠᠨ᠂ ᠦᠷᠭᠦᠯᠵᠢᠯᠡᠨ ᠰᠢᠨ᠎ᠡ ᠶᠢ ᠡᠭᠦᠳᠬᠦ ᠪᠠ ᠦᠢᠯᠡᠳᠬᠦᠨ ᠢᠶᠠᠨ ᠳᠡᠭᠡᠭᠰᠢᠯᠡᠭᠦᠯᠬᠦ ᠬᠡᠷᠡᠭᠲᠡᠢ ᠭᠡᠵᠦ | ᠵᠣᠷᠢᠭᠵᠢᠭᠤᠯᠪᠠ᠃ ᠲᠡᠷᠡ ᠬᠡᠯᠡᠬᠦ ᠳᠤ ᠪᠠᠨ᠂ ᠵᠠᠬ᠎ᠠ ᠳᠡᠯᠭᠡᠭᠦᠷ ᠤᠨ ᠭᠤᠣᠯ ᠴᠣᠭᠴᠠ ᠪᠣᠯ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠮᠥᠨ᠂ ᠠᠷᠠᠳ ᠠᠴᠠ | ᠡᠵᠡᠩᠨᠡᠭᠰᠡᠨ ᠠᠵᠤ ᠠᠬᠤᠢ ᠪᠣᠯ ᠠᠵᠢᠯ ᠣᠯᠭᠤᠯᠲᠠ ᠶᠢ ᠰᠢᠩᠭᠡᠭᠡᠨ ᠠᠪᠬᠤ᠂ ᠡᠳ᠋ ᠪᠠᠶᠠᠯᠢᠭ ᠢ ᠡᠭᠦᠳᠬᠦ ᠴᠢᠬᠤᠯᠠ ᠬᠦᠴᠦᠨ ᠮᠥᠨ᠃ ᠤᠯᠤᠰ ᠠᠴᠠ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠵᠤ᠂ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠪᠠᠭᠲᠠᠭᠠᠭᠰᠠᠨ ᠡᠯ᠎ᠡ ᠲᠦᠷᠦᠯ ᠤᠨ ᠥᠮᠴᠢᠯᠡᠯᠲᠦ | ᠵᠠᠬ᠎ᠠ ᠳᠡᠯᠭᠡᠭᠦᠷ ᠤᠨ ᠭᠤᠣᠯ ᠴᠣᠭᠴᠠ ᠳᠤ ᠠᠳᠠᠯᠢᠬᠠᠨ ᠬᠠᠨᠳᠤᠵᠤ᠂ ᠡᠷᠬᠡ ᠲᠡᠭᠰᠢ ᠥᠷᠢᠰᠥᠯᠳᠦᠭᠡᠨ ᠢ ᠬᠠᠮᠠᠭᠠᠯᠠᠵᠤ᠂ ᠨᠡᠩ ᠰᠠᠶᠢᠨ ᠬᠥᠭᠵᠢᠯᠲᠡ ᠶᠢ ᠠᠬᠢᠭᠤᠯᠤᠨ᠎ᠠ | ᠭᠡᠵᠡᠢ᠃ | ᠯᠢ ᠺᠧ ᠴᠢᠶᠠᠩ ᠰᠢᠶᠠᠨ ᠬᠤ᠋ ᠶᠤᠸᠠᠨ ᠤ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠣᠭᠤᠷᠢᠭ ᠲᠤ ᠬᠦᠷᠪᠡ᠃ ᠠᠳᠡ ᠡᠷᠦᠬᠡ ᠶᠡᠭᠡ | ᠰᠤᠷᠭᠠᠭᠤᠯᠢ ᠪᠠ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠠᠴᠠ ᠲᠡᠭᠦᠰᠦᠭᠰᠡᠳ᠂ ᠭᠠᠳᠠᠨ᠎ᠠ ᠠᠴᠠ ᠢᠷᠡᠵᠦ ᠬᠥᠯᠥᠰᠥᠨ ᠠᠵᠢᠯ ᠬᠢᠵᠦ ᠪᠠᠶᠢᠭ᠎ᠠ | ᠬᠥᠮᠦᠰ ᠪᠠ ᠣᠷᠣᠯᠭ᠎ᠠ ᠪᠠᠭ᠎ᠠ ᠲᠠᠢ ᠲᠦᠮᠡ ᠰᠢᠬᠠᠮ ᠡᠷᠦᠬᠡ ᠰᠠᠭᠤᠵᠤ ᠪᠠᠶᠢᠨ᠎ᠠ᠃ ᠯᠢ ᠺᠧ ᠴᠢᠶᠠᠩ ᠰᠠᠭᠤᠭᠠᠯᠢ ᠠᠷᠠᠳ ᠤᠨ ᠬᠡᠷ ᠲᠤ ᠬᠦᠷᠴᠦ ᠣᠷᠣᠨ | ᠰᠠᠭᠤᠴᠠ ᠶᠢᠨ ᠨᠥᠬᠦᠴᠡᠯ ᠢ ᠪᠠᠶᠢᠴᠠᠭᠠᠨ ᠦᠵᠡᠵᠦ᠂ ᠰᠠᠭᠤᠭᠠᠯᠢ ᠠᠷᠠᠳ ᠲᠠᠢ ᠶᠠᠷᠢᠯᠴᠠᠵᠤ᠂ ᠠᠳᠡᠬᠢ ᠵᠢᠵᠢᠭ ᠬᠡᠯᠪᠡᠷᠢ ᠶᠢᠨ ᠨᠡᠶᠢᠲᠡ ᠶᠢᠨ ᠲᠦᠷᠢᠶᠡᠰᠦᠨ ᠣᠷᠣᠨ | ᠰᠠᠭᠤᠴᠠ ᠶᠢ ᠬᠥᠭᠵᠢᠭᠦᠯᠦᠭᠰᠡᠨ ᠠᠵᠢᠯ ᠢ ᠮᠠᠭᠲᠠᠨ ᠰᠠᠶᠢᠰᠢᠶᠠᠪᠠ᠃ ᠲᠡᠷᠡ ᠬᠡᠯᠡᠬᠦ ᠳᠤ ᠪᠠᠨ᠂ ᠡᠨᠡ ᠨᠢ ᠨᠠᠩ ᠣᠯᠠᠨ ᠣᠷᠣᠨ ᠰᠠᠭᠤᠴᠠ ᠶᠢᠨ ᠲᠠᠯ᠎ᠠ ᠪᠠᠷ | ᠬᠦᠴᠢᠷᠳᠡᠯ ᠲᠠᠢ ᠣᠯᠠᠨ ᠲᠦᠮᠡᠨ ᠳᠤ ᠨᠠᠭᠠᠲᠤ ᠵᠠᠬ᠎ᠠ ᠶᠢᠨ ᠪᠠᠲᠤᠯᠠᠭ᠎ᠠ ᠬᠠᠩᠭᠠᠬᠤ ᠳᠤ ᠠᠰᠢᠭᠲᠠᠶ ᠪᠥᠭᠡᠳ ᠬᠡᠷ ᠪᠠᠶᠢᠰᠢᠩ ᠤᠨ ᠴᠢᠳᠠᠮᠵᠢ ᠪᠦᠷᠢᠨ᠂ ᠣᠷᠣᠨ | ᠰᠠᠭᠤᠴᠠ ᠶᠢᠨ ᠨᠥᠬᠦᠴᠡᠯ ᠢ ᠰᠠᠶᠢᠵᠢᠷᠠᠭᠤᠯᠬᠤ ᠳᠤ ᠴᠦ ᠠᠰᠢᠭᠲᠠᠶ ᠶᠤᠮ ᠭᠡᠵᠡᠶ᠃ ᠴᠥᠭᠡᠨ ᠪᠤᠰᠤ ᠬᠥᠮᠦᠰ ᠬᠤᠵᠢᠮ ᠬᠡᠷ ᠪᠠᠶᠢᠰᠢᠩ ᠬᠤᠳᠠᠯᠳᠤᠨ ᠠᠪᠬᠤ ᠶᠢ | ᠬᠦᠰᠡᠵᠦ᠂ ᠴᠢᠷᠮᠠᠶᠢᠨ ᠲᠡᠮᠡᠴᠡᠳᠡᠭ ᠯᠡ ᠶᠤᠮ ᠪᠣᠯ ᠨᠠᠩ ᠰᠠᠶᠢᠨ ᠠᠮᠢᠳᠤᠷᠠᠯ ᠢ ᠡᠳ᠋ᠯᠡᠬᠦ ᠶᠢ ᠪᠣᠯᠣᠨ᠎ᠠ ᠭᠡᠵᠡᠢ᠃ | ᠯᠢ ᠺᠧ ᠴᠢᠶᠠᠩ ᠭᠤᠸᠠᠩᠰᠢ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠵᠤ᠂ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠠᠮ ᠤᠨ ᠲᠥᠪ ᠬᠤᠷᠢᠶ᠎ᠠ᠂ ᠲᠦᠷᠦ ᠶᠢᠨ | ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠᠶᠢᠩᠭᠤᠵᠢᠭᠰᠠᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠥᠭᠡᠷᠡᠴᠢᠯᠡᠯᠲᠡ ᠨᠡᠬᠡᠬᠡᠯᠳᠡ ᠳᠤ ᠲᠦᠰᠢᠭᠯᠡᠨ ᠠᠵᠤ ᠠᠬᠤᠢ ᠶᠢᠨ ᠬᠥᠳᠡᠯᠭᠡᠬᠦ ᠬᠦᠴᠦᠨ ᠪᠠ | ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠠᠷᠠᠳ ᠤᠨ ᠠᠮᠢᠳᠤᠷᠠᠯ ᠢ ᠲᠠᠰᠤᠷᠠᠯᠳᠡ ᠦᠭᠡᠢ ᠰᠠᠶᠢᠵᠢᠷᠠᠭᠤᠯᠵᠤ᠂ ᠳᠤᠮᠳᠠ ᠪᠠ ᠪᠠᠷᠠᠭᠤᠨ ᠣᠷᠣᠨ ᠤ ᠬᠥᠭᠵᠢᠯᠲᠡ ᠶᠢᠨ | ᠡᠮᠦᠨ᠎ᠡ ᠡᠩᠨᠡᠭᠡᠨ ᠳᠤ ᠶᠠᠪᠤᠬᠤ ᠶᠢ ᠬᠦᠰᠡᠵᠦ ᠪᠠᠶᠢᠨ᠎ᠠ ᠭᠡᠵᠡᠢ᠃ | ᠰᠢᠶᠤᠤ ᠵᠢᠶᠧ ᠪᠠᠷ᠎ᠠ ᠪᠤᠯᠵᠤ ᠰᠢᠨᠵᠢᠯᠡᠨ ᠪᠠᠶᠢᠴᠠᠭᠠᠪᠠ᠃ | |