2021 ᠣᠨ ᠤ ᠭᠤᠴᠢᠨ ᠨᠢᠭᠡᠳᠦᠭᠡᠷ ᠪᠦᠯᠦᠭ ᠠᠵᠤ ᠠᠬᠤᠶᠢᠯᠠᠯ ᠤᠨ ᠬᠢᠷᠢ ᠴᠢᠳᠠᠮᠵᠢ ᠶᠢ ᠬᠢᠨᠠᠨ ᠪᠠᠶᠢᠴᠠᠭᠠᠭᠰᠠᠨ ᠰᠠᠨᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠨᠡᠶᠢᠳᠡᠯᠡᠯ
ᠨᠡᠶᠢᠲᠡᠯᠡᠭᠰᠡᠨ ᠴᠠᠭ᠄
2021/9/3
      2021 ᠣᠨ ᠤ ᠭᠤᠴᠢᠨ ᠨᠢᠭᠡᠳᠦᠭᠡᠷ ᠪᠦᠯᠦᠭ ᠠᠵᠤ ᠠᠬᠤᠶᠢᠯᠠᠯ ᠤᠨ ᠬᠢᠷᠢ ᠴᠢᠳᠠᠮᠵᠢ ᠶᠢ ᠬᠢᠨᠠᠨ ᠪᠠᠶᠢᠴᠠᠭᠠᠭᠰᠠᠨ ᠰᠠᠨᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠠᠯᠪᠠᠨ ᠨᠡᠶᠢᠳᠡᠯᠡᠯ      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ᠵᠢᠴᠢ ᠬᠤᠯᠪᠣᠭᠳᠠᠯ ᠪᠦᠬᠦᠢ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠵᠤ ᠠᠬᠤᠶᠢᠯᠠᠯ ᠤᠨ ᠬᠢᠷᠢ ᠴᠢᠳᠠᠮᠵᠢ ᠶᠢᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ᠂ ᠮᠠᠨ ᠤ ᠲᠢᠩᠬᠢᠮ ᠠᠴᠠ 2021 ᠣᠨ ᠤ ᠭᠤᠴᠢᠨ ᠨᠢᠭᠡᠳᠦᠭᠡᠷ ᠪᠦᠯᠦᠭ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠥᠷᠥᠯ ᠵᠦᠢᠯ ᠤᠨ ᠮᠡᠳᠡᠭᠦᠯᠦᠯᠲᠡ ᠶᠢᠨ ᠮᠠᠲ᠋ᠧᠷᠢᠶᠠᠯ ᠳᠤ ᠬᠢᠨᠠᠨ ᠪᠠᠶᠢᠴᠠᠭᠠᠯᠲᠠ ᠬᠢᠵᠦ᠂ ᠣᠲᠣ 2 ᠪᠠᠷᠢᠯᠭ᠎ᠠ ᠶᠢᠨ ᠬᠢᠨᠠᠨ ᠬᠠᠮᠢᠶᠠᠷᠤᠯᠳᠠ ᠶᠢᠨ ᠠᠵᠤ ᠠᠬᠤᠶᠢᠯᠠᠯ᠂ 35 ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠵᠥᠪᠰᠢᠶᠡᠷᠡᠯ ᠤᠨ ᠦᠨᠡᠮᠯᠡᠯ᠂ 2 ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠠᠵᠤ ᠠᠬᠤᠶᠢᠯᠠᠯ ᠵᠢᠴᠢ 3 ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠢᠨᠠᠨ ᠪᠠᠶᠢᠴᠠᠭᠠᠭᠰᠠᠨ ᠰᠠᠨᠠᠯ ᠢ ᠵᠠᠷᠯᠠᠨ ᠨᠡᠶᠢᠳᠡᠯᠡᠶ᠎ᠡ ︵ᠳᠠᠭᠠᠯᠳᠤᠭᠤᠯᠤᠯ ᠳᠤ ᠦᠵᠡ ︶᠃ ᠬᠢᠨᠠᠨ ᠪᠠᠶᠢᠴᠠᠭᠠᠭᠰᠠᠨ ᠰᠠᠨᠠᠯ ᠢ ᠵᠠᠷᠯᠠᠨ ᠨᠡᠶᠢᠲᠡᠯᠡᠬᠦ ᠬᠤᠭᠤᠴᠠᠭ᠎ᠠ ᠨᠢ 2021 ᠣᠨ ᠤ 9 ᠳ᠋ᠤᠭᠡᠷ ᠰᠠᠷ᠎ᠠ ᠶᠢᠨ 9 ᠤ ᠡᠳᠦᠷ ᠤᠨ 17 ᠴᠠᠭ 30 ᠮᠢᠨᠦ᠋ᠲ ᠳᠠᠭᠤᠰᠤᠨ᠎ᠠ᠂ ᠵᠠᠷᠯᠠᠨ ᠨᠡᠶᠢᠲᠡᠯᠡᠭᠰᠡᠨ ᠰᠠᠨᠠᠯ ᠳᠤ ᠣᠨᠳᠣᠤ ᠰᠠᠨᠠᠯ ᠲᠠᠢ ᠪᠤᠶᠤ ᠠᠰᠠᠭᠤᠳᠠᠯ ᠲᠠᠢ ᠪᠣᠯ ᠵᠥᠪᠲᠦᠭᠡᠨ ᠲᠣᠳᠣᠷᠬᠠᠶᠢᠯᠠᠵᠤ ᠪᠣᠯᠤᠨ᠎ᠠ᠂ ᠬᠢᠨᠠᠨ ᠪᠠᠶᠢᠴᠠᠭᠠᠭᠰᠠᠨ ᠰᠠᠨᠠᠯ ᠨᠢ ᠪᠠᠲᠤᠯᠠᠭᠳᠠᠭᠰᠠᠨ ᠥᠬᠡᠶ ᠠᠵᠤ ᠠᠬᠤᠶᠢᠯᠠᠯ ᠨᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠢᠰᠲ᠋ᠧᠮ ᠠᠴᠠ ᠪᠣᠳᠠᠲᠠᠶ ᠰᠠᠨᠠᠯ ᠢ ᠨᠢ ᠪᠠᠶᠢᠴᠠᠭᠠᠨ ᠦᠵᠡᠵᠦ ᠪᠣᠯᠤᠨ᠎ᠠ᠃         ᠶᠠᠮᠠᠷᠪᠠ ᠬᠤᠯᠪᠣᠭᠳᠠᠯ ᠪᠥᠬᠦᠶ ᠨᠢᠭᠡᠴᠢ ᠵᠢᠴᠢ ᠬᠤᠪᠢ ᠬᠥᠮᠦᠨ᠂ ᠬᠡᠷᠪᠡ ᠠᠵᠤ ᠠᠬᠤᠶᠢᠯᠠᠯ ᠤᠨ ᠮᠡᠳᠡᠭᠦᠯᠦᠭᠰᠡᠨ ᠬᠢᠷᠢ ᠴᠢᠳᠠᠮᠵᠢ ᠶᠢᠨ ᠪᠠᠶᠢᠳᠠᠯ ᠳᠤ ᠣᠨᠳᠣᠤ ᠰᠠᠨᠠᠯ ᠲᠠᠢ ᠪᠠᠶᠢᠪᠠᠯ᠂ ᠴᠥᠮ ᠮᠠᠨ ᠤ ᠲᠢᠩᠬᠢᠮ ᠳᠤ ᠪᠠᠶᠢᠳᠠᠯ ᠢᠶᠠᠨ ᠲᠤᠰᠬᠠᠵᠤ ᠪᠣᠯᠤᠨ᠎ᠠ᠂ ᠨᠢᠭᠡᠴᠢ ᠠᠴᠠ ᠪᠠᠶᠢᠳᠠᠯ ᠢᠶᠠᠨ ᠲᠤᠰᠬᠠᠬᠤ ᠳᠤ ᠠᠯᠪᠠᠨ ᠲᠠᠮᠠᠭ᠎ᠠ ᠳᠠᠷᠤᠬᠤ ᠬᠡᠷᠡᠭᠲᠡᠶ᠂ ᠬᠤᠪᠢ ᠬᠥᠮᠦᠨ ᠠᠴᠠ ᠪᠠᠶᠢᠳᠠᠯ ᠢᠶᠠᠨ ᠲᠤᠰᠬᠠᠬᠤ ᠳᠤ ᠦᠨᠡᠨ ᠣᠪᠣᠭ ᠨᠡᠷ᠎ᠡ ᠪᠠᠨ ᠪᠢᠴᠢᠬᠦ ᠶᠢᠨ ᠬᠠᠮᠲᠤ ᠬᠠᠷᠢᠯᠴᠠᠬᠤ ᠤᠲᠠᠰᠤ᠂ ᠬᠠᠶ᠋ᠢᠭ ᠪᠠ ᠰᠢᠤᠳᠠᠨ ᠳ᠋ᠤᠭᠠᠷ ᠢᠶᠠᠨ ᠦᠯᠡᠳᠡᠭᠡᠬᠦ ᠬᠡᠷᠡᠭᠲᠡᠶ᠃ ᠮᠠᠲ᠋ᠧᠷᠢᠶᠠᠯ ᠢ ᠰᠢᠦᠳᠠᠨ ᠢᠶᠠᠷ ᠮᠡᠳᠡᠭᠦᠯᠦᠨ ᠬᠦᠷᠭᠡᠭᠰᠡᠨ ᠠᠵᠤ ᠠᠬᠤᠶᠢᠯᠠᠯ ᠪᠤᠶᠤ ᠬᠤᠪᠢ ᠬᠥᠮᠦᠨ ᠡᠷᠬᠡᠪᠰᠢ ᠬᠠᠷᠢᠯᠴᠠᠬᠤ ᠠᠷᠭ᠎ᠠ ᠮᠠᠶ᠋ᠢᠭ ᠢᠶᠠᠨ ᠦᠯᠡᠳᠡᠭᠡᠵᠦ᠂ ᠬᠡᠷᠡᠭᠴᠡᠭᠡ ᠲᠠᠢ ᠵᠦᠢᠯ ᠳᠤ ᠪᠡᠯᠡᠳᠬᠡᠬᠦ ᠬᠡᠷᠡᠭᠲᠡᠶ᠃        ᠬᠠᠷᠢᠯᠴᠠᠬᠤ ᠤᠲᠠᠰᠤ᠄ 0471 — — 5332426       ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠶᠡᠭᠡ ᠵᠡᠭᠡᠯᠢ  ᠶᠢᠨ 6 ᠳ᠋ᠤᠭᠠᠷ ᠲᠣᠭᠠᠲᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠲᠣᠪᠴᠢᠶ᠎ᠠ ᠶᠢᠨ 12 ᠳ᠋ᠤᠭᠠᠷ ᠠᠰᠠᠷ ᠤᠨ 33᠂ 34᠂ 35 ᠳ᠋ᠤᠭᠠᠷ ᠴᠣᠩᠬᠤ      ᠳᠠᠭᠠᠯᠳᠤᠭᠤᠯᠤᠯ᠄ 1᠂ ᠭᠤᠴᠢᠨ ᠨᠢᠭᠡᠳᠦᠭᠡᠷ ᠪᠦᠯᠦᠭ ᠪᠠᠷᠢᠯᠭ᠎ᠠ ᠶᠢᠨ ᠬᠢᠨᠠᠨ ᠬᠠᠮᠢᠶᠠᠷᠤᠯᠳᠠ ᠶᠢᠨ ᠠᠵᠤ ᠠᠬᠤᠶᠢᠯᠠᠯ ᠤᠨ ᠬᠢᠷᠢ ᠴᠢᠳᠠᠮᠵᠢ ᠶᠢ ᠬᠢᠨᠠᠨ ᠪᠠᠶᠢᠴᠠᠭᠠᠭᠰᠠᠨ ᠰᠠᠨᠠᠯ 2᠂ ᠭᠤᠴᠢᠨ ᠨᠢᠭᠡᠳᠦᠭᠡᠷ ᠪᠦᠯᠦᠭ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠯ ᠤᠨ ᠬᠢᠨᠠᠨ ᠪᠠᠶᠢᠴᠠᠭᠠᠭᠰᠠᠨ ᠰᠠᠨᠠᠯ  3᠂ ᠭᠤᠴᠢᠨ ᠨᠢᠭᠡᠳᠦᠭᠡᠷ ᠪᠦᠯᠦᠭ ᠬᠠᠶᠢᠨ ᠪᠠᠶᠢᠴᠠᠭᠠᠵᠤ ᠵᠢᠷᠤᠵᠤ ᠲᠥᠯᠥᠪᠯᠡᠬᠦ ᠠᠵᠤ ᠠᠬᠤᠶᠢᠯᠠᠯ ᠤᠨ ᠬᠢᠷᠢ ᠴᠢᠳᠠᠮᠵᠢ ᠶᠢ ᠬᠢᠨᠠᠨ ᠪᠠᠶᠢᠴᠠᠭᠠᠭᠰᠠᠨ ᠰᠠᠨᠠᠯ 4᠂ ᠭᠤᠴᠢᠨ ᠨᠢᠭᠡᠳᠦᠭᠡᠷ ᠪᠦᠯᠦᠭ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠬᠢᠷᠢ ᠴᠢᠳᠠᠮᠵᠢ ᠶᠢ ᠬᠢᠨᠠᠨ ᠪᠠᠶᠢᠴᠠᠭᠠᠭᠰᠠᠨ ᠰᠠᠨᠠᠯ      2021 ᠣᠨ ᠤ 9 ᠳ᠋ᠤᠭᠡᠷ ᠰᠠᠷ᠎ᠠ ᠶᠢᠨ 3 ᠤ ᠡᠳᠦᠷ
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ