12 ᠳ᠋ᠤᠭᠠᠷ ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ | ᠲᠥᠷᠥᠯ ᠵᠦᠢᠯ ᠤᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤᠰᠬᠠᠶ ᠮᠡᠷᠭᠡᠵᠢᠯᠲᠡᠨ ᠤ | ᠨᠤᠳᠠᠯᠠᠯᠳᠠ ᠶᠢᠨ ᠬᠤᠷᠠᠯ ᠬᠤᠷᠠᠯᠳᠤᠭᠤᠯᠵᠤ᠂ ᠣᠷᠣᠨ ᠤ ᠳᠣᠲᠣᠷ᠎ᠠ ᠭᠠᠳᠠᠨᠠᠬᠢ ᠶᠢᠰᠦᠨ ᠲᠤᠰᠬᠠᠶ ᠮᠡᠷᠭᠡᠵᠢᠯᠲᠡᠨ ᠢ ᠤᠷᠢᠵᠤ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠢ | ᠰᠢᠯᠢᠳᠡᠭᠵᠢᠭᠦᠯᠦᠨ ᠲᠠᠰ ᠳᠡᠪᠰᠢᠭᠦᠯᠬᠦ ᠲᠥᠰᠦᠯ︾ ᠳᠤ ᠨᠤᠲᠠᠯᠠᠯᠲᠠ ᠬᠢᠯᠭᠡᠪᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠭᠠᠵᠠᠷ ᠤᠨ ᠬᠠᠷᠢᠭᠤᠴᠠᠯᠭᠠᠲᠠᠨ | ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠲᠦᠷᠢᠮ ᠤᠨ | ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠬᠠᠮᠢᠶ᠎ᠠ ᠪᠥᠬᠦᠶ ᠠᠵᠢᠯᠲᠠᠨ ᠵᠢᠴᠢ ᠮᠡᠷᠭᠡᠵᠢᠯ ᠤᠨ ᠦᠢᠯᠡᠴᠢᠯᠡᠭᠡᠨ ᠤ ᠨᠢᠭᠡᠴᠢ ᠶᠢᠨ ᠣᠷᠣᠨ | ᠲᠤᠭ᠎ᠠ ᠶᠢᠨ ᠠᠵᠢᠯᠲᠠᠨ ᠬᠤᠷᠠᠯ ᠳᠤ ᠣᠷᠣᠯᠴᠠᠪᠠ᠃ | ᠬᠤᠷᠠᠯ ᠠᠴᠠ ᠨᠠᠶᠢᠷᠠᠭᠤᠯᠤᠨ ᠵᠣᠬᠢᠶᠠᠭᠰᠠᠨ ᠨᠢᠭᠡᠴᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠤᠨ ᠪᠥᠲᠥᠭᠡᠨ ᠪᠠᠶᠢᠭᠤᠯᠤᠯᠲᠠ ᠶᠢᠨ ᠠᠬᠤᠶ ᠪᠠᠶᠢᠳᠠᠯ᠂ ᠣᠳᠣᠬᠢ | ᠪᠠᠶᠢᠳᠠᠯ ᠤᠨ ᠲᠣᠳᠣᠷᠬᠠᠶᠢᠯᠠᠯᠲᠠ᠂ ᠲᠠᠰ ᠳᠡᠪᠰᠢᠭᠦᠯᠬᠦ ᠲᠥᠰᠦᠯ ᠵᠡᠷᠭᠡ ᠠᠭᠤᠯᠭ᠎ᠠ ᠶᠢᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠤᠰᠬᠠᠶ ᠮᠡᠷᠭᠡᠵᠢᠯᠲᠡᠨ ᠤ | ᠳᠤᠭᠤᠶᠢᠯᠠᠩ ᠨᠠᠷᠢᠨ ᠬᠢᠨᠠᠮᠠᠭᠠᠶ ᠬᠢᠨᠠᠨ ᠪᠠᠶᠢᠴᠠᠭᠠᠵᠤ᠂ ᠨᠠᠷᠢᠨ ᠨᠢᠮᠪᠠᠶ ᠶᠠᠷᠢᠯᠴᠠᠭᠠᠳ᠂ ᠲᠠᠰ ᠳᠡᠪᠰᠢᠭᠦᠯᠬᠦ ᠲᠥᠰᠦᠯ ᠤᠨ ᠠᠭᠤᠯᠭ᠎ᠠ ᠨᠢ ᠨᠡᠯᠢᠶᠡᠳ ᠪᠥᠬᠦ ᠲᠠᠯ᠎ᠠ ᠶᠢᠨ | ᠪᠠᠶᠢᠵᠤ᠂ ᠣᠳᠣᠬᠠᠨ ᠤ ᠥᠭᠡᠷᠡᠴᠢᠯᠡᠯᠲᠡ ᠶᠢᠨ ᠠᠵᠢᠯ ᠤᠨ ᠬᠡᠷᠡᠭᠴᠡᠭᠡ ᠶᠢ ᠦᠨᠳᠦᠰᠦᠨ ᠳᠤ ᠪᠠᠨ ᠬᠠᠩᠭᠠᠵᠤ ᠴᠢᠳᠠᠨ᠎ᠠ ᠭᠡᠵᠦ ᠦᠵᠡᠭᠰᠡᠨ ᠪᠥᠭᠡᠳ ᠨᠤᠲᠠᠯᠠᠯᠲᠠ ᠶᠢᠨ | ᠰᠠᠨᠠᠯ ᠢᠶᠠᠨ ᠳᠤᠷᠠᠳᠤᠭᠰᠠᠨ ᠪᠠᠶᠢᠨ᠎ᠠ᠃ | ᠬᠤᠷᠠᠯ ᠠᠴᠠ ᠱᠠᠭᠠᠷᠳᠠᠭᠰᠠᠨ ᠨᠢ᠂ ᠨᠠᠶᠢᠷᠠᠭᠤᠯᠤᠨ ᠵᠣᠬᠢᠶᠠᠬᠤ ᠨᠢᠭᠡᠴᠢ ᠨᠦᠭᠦᠳ ᠲᠣᠰ ᠤᠳᠠᠭᠠᠨ ᠤ ᠲᠤᠰᠬᠠᠶ ᠮᠡᠷᠭᠡᠵᠢᠯᠲᠡᠨ ᠤ ᠨᠤᠲᠠᠯᠠᠯᠲᠠ ᠶᠢᠨ ᠰᠠᠨᠠᠯ ᠢ | ᠦᠨᠳᠦᠰᠦᠯᠡᠨ ᠰᠢᠯᠢᠳᠡᠭᠵᠢᠭᠦᠯᠦᠨ ᠲᠠᠰ ᠳᠡᠪᠰᠢᠭᠦᠯᠬᠦ ᠲᠥᠰᠦᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠲᠣᠰ ᠲᠥᠰᠦᠯ ᠢ ᠨᠤᠲᠠᠯᠠᠬᠤ ᠪᠠᠷ | ᠳᠡᠮᠵᠢᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠨᠠᠩ ᠰᠢᠨᠵᠢᠯᠡᠬᠦ ᠤᠬᠠᠭᠠᠨᠴᠢ ᠴᠢᠨᠠᠷ ᠪᠠ ᠪᠣᠯᠤᠮᠵᠢᠲᠤ ᠴᠢᠨᠠᠷ ᠲᠠᠢ ᠪᠣᠯᠭᠠᠵᠤ᠂ ᠪᠥᠬᠦ | ᠣᠷᠣᠨ ᠤ ᠭᠤᠶᠤᠴᠢᠯᠠᠨ ᠮᠡᠳᠡᠭᠦᠯᠬᠦ ᠨᠢᠭᠡᠳᠦᠯᠲᠡᠶ ᠤᠷᠤᠴᠠ ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠬᠠᠮᠵᠢᠯᠴᠠᠨ | ᠬᠥᠳᠡᠯᠦᠯᠴᠡᠬᠦ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠬᠤ᠂ ᠪᠥᠬᠦ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠤᠨ ᠪᠦᠬᠦᠯᠢ ᠴᠣᠭᠴᠠ ᠶᠢᠨ ᠦᠢᠯᠡᠴᠢᠯᠡᠭᠡᠨ ᠤ ᠬᠦᠴᠦᠨ ᠢ ᠳᠡᠭᠡᠭᠰᠢᠯᠡᠭᠦᠯᠬᠦ ᠳᠤ ᠮᠡᠷᠭᠡᠵᠢᠯ ᠤᠨ | ᠬᠡᠷᠡᠭᠵᠢᠭᠦᠯᠬᠦ ᠠᠷᠭ᠎ᠠ ᠵᠠᠮ ᠢ ᠲᠣᠳᠣᠷᠬᠠᠶ ᠵᠢᠭᠠᠵᠤ ᠥᠭᠭᠦᠭᠰᠡᠨ ᠪᠠᠶᠢᠨ᠎ᠠ᠃ | ᠢᠷᠡᠯᠲᠡ᠄ ᠥᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠤᠨ ᠰᠠᠭᠤᠴᠠ ᠪᠠ ᠬᠤᠳᠠ ᠬᠦᠳᠡᠭᠡ ᠶᠢᠨ ᠪᠥᠲᠦᠭᠡᠨ ᠪᠠᠶᠢᠭᠤᠯᠤᠯᠲᠠ ᠶᠢᠨ ᠲᠢᠩᠬᠢᠮ ᠤᠨ | ᠸᠢᠴᠠᠲ ᠤᠨ ᠨᠡᠶᠢᠲᠡᠯᠡᠬᠦ ᠲᠠᠪᠴᠠᠩ | |