ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠪᠥᠬᠦ ᠣᠷᠣᠨ ᠤ ᠬᠤᠲᠠ ᠪᠠᠯᠭᠠᠰᠦ ᠶᠢᠨ ᠰᠢᠲᠠᠮᠠᠬᠠᠶ ᠬᠡᠶ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠬᠤᠶᠠᠳᠤᠭᠠᠷ ᠤᠳᠠᠭᠠᠨ ᠤ ᠲᠤᠬᠢᠷᠠᠭᠤᠯᠤᠯᠳᠠ ᠶᠢᠨ ᠬᠤᠷᠠᠯ ᠵᠢᠴᠢ ᠠᠵᠢᠯ ᠤᠨ ᠵᠦᠭᠯᠡᠭᠦᠷ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/16
      ᠮᠠᠨ ᠤ ᠣᠷᠣᠨ ᠤ ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠶ ᠠᠬᠢᠭᠤᠯᠬᠤ ᠶᠢᠨ ᠲᠤᠰᠠᠳᠠ᠂ 1 ᠳ᠋ᠤᠭᠡᠷ ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠠᠴᠠ ᠪᠥᠬᠦ ᠣᠷᠣᠨ ᠤ ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠬᠤᠶᠠᠳᠤᠭᠠᠷ ᠤᠳᠠᠭᠠᠨ ᠤ ᠲᠤᠬᠢᠷᠠᠭᠤᠯᠤᠯᠳᠠ ᠶᠢᠨ ᠬᠤᠷᠠᠯ ᠵᠢᠴᠢ ᠠᠵᠢᠯ ᠤᠨ ᠵᠦᠭᠯᠡᠭᠦᠷ ᠤᠨ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠢᠩᠬᠢᠮ ᠤᠨ ᠳᠡᠳ᠋ ᠳᠠᠷᠤᠭ᠎ᠠ ᠢᠦᠶ ᠰᠢᠨ ᠹᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃       ᠬᠤᠷᠠᠯ ᠠᠴᠠ ︽ᠠᠵᠢᠯ ᠤᠨ ᠵᠦᠭᠯᠡᠭᠦᠷ︾ ᠤᠨ ᠭᠤᠣᠯ ᠠᠭᠤᠯᠭ᠎ᠠ ᠶᠢᠨ ᠲᠤᠬᠠᠢ ᠲᠠᠶᠢᠯᠤᠮᠵᠢ ᠬᠢᠭᠰᠡᠨ ᠪᠥᠭᠡᠳ ᠤᠢᠢᠷ᠎ᠠ ᠶᠢᠨ ᠬᠤᠭᠤᠴᠠᠭᠠᠨ ᠤ ᠬᠤᠳᠠ ᠪᠠᠯᠭᠠᠰᠤ ᠶᠢᠨ ᠰᠢᠲᠠᠮᠠᠬᠠᠢ ᠬᠡᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠪᠠᠶᠢᠳᠠᠯ ᠢ ᠵᠠᠷᠯᠠᠭᠰᠠᠨ ᠤ ᠬᠠᠮᠲᠤ ᠳᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃       ᠬᠤᠷᠠᠯ ᠠᠴᠠ ᠱᠠᠭᠠᠷᠳᠠᠭᠰᠠᠨ ᠨᠢ᠂ ᠠᠵᠢᠯ ᠤᠨ ᠲᠣᠭᠲᠠᠴᠠ ᠶᠢ ᠲᠦᠷᠭᠡᠪᠴᠢᠯᠡᠨ ᠪᠠᠶᠢᠭᠤᠯᠤᠨ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠠᠴᠠ ᠳᠥᠯᠭᠢᠨ ᠠᠬᠢᠭᠤᠯᠬᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠵᠣᠬᠢᠴᠠᠯᠳᠤᠨ ᠬᠥᠳᠡᠯᠦᠯᠴᠡᠬᠦ ᠠᠵᠢᠯ ᠤᠨ ᠪᠠᠶᠢᠷᠢᠰᠢᠯ ᠢ ᠲᠦᠷᠭᠡᠬᠡᠨ ᠪᠣᠶ ᠪᠤᠯᠭᠠᠨ᠎ᠠ᠃ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠭᠤᠤᠯᠳᠠᠯᠭ᠎ᠠ ᠶᠢ ᠳᠣᠪᠤᠶᠢᠯᠭᠠᠨ᠂ ᠦᠳᠲᠡᠷ ᠲᠦᠷᠭᠡᠨ ᠰᠢᠪᠲᠤᠯᠤᠯᠲᠠ ᠶᠢᠨ ᠪᠠᠶᠢᠳᠠᠯ ᠳᠤ ᠣᠷᠣᠵᠤ᠂ ᠵᠢᠭᠰᠠᠭᠠᠨ ᠪᠠᠶᠢᠴᠠᠭᠠᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠂ ᠵᠢᠭᠰᠠᠭᠠᠨ ᠪᠠᠶᠢᠴᠠᠭᠠᠬᠤ ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ ᠭᠡᠪᠡ᠃       ᠪᠥᠬᠦ ᠣᠷᠣᠨ ᠤ ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠶ ᠠᠩᠭᠢ ᠶᠢᠨ ᠬᠤᠯᠪᠣᠭᠳᠠᠯ ᠪᠥᠬᠦᠶ ᠨᠥᠬᠦᠳ᠂ ᠲᠢᠩᠬᠢᠮ ᠤᠨ ᠬᠠᠮᠢᠶ᠎ᠠ ᠪᠥᠬᠦᠶ ᠭᠠᠵᠠᠷ ᠠᠯᠪᠠᠨ ᠬᠡᠷ ᠪᠣᠯᠤᠨ ᠰᠢᠭᠤᠳ ᠬᠠᠷᠢᠶ᠎ᠠ ᠨᠢᠭᠡᠴᠢ ᠶᠢᠨ ᠬᠠᠷᠢᠭᠤᠴᠠᠯᠭᠠᠲᠠᠨ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠡᠯ᠎ᠡ ᠠᠶᠢᠮᠠᠭ ᠬᠤᠲᠠ ᠶᠢᠨ ᠬᠤᠲᠠ ᠪᠠᠯᠭᠠᠰᠤ ᠶᠢᠨ ᠰᠢᠲᠠᠮᠠᠬᠠᠶ ᠬᠡᠶ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠶ ᠠᠩᠭᠢ ᠶᠢᠨ ᠬᠠᠷᠢᠭᠤᠴᠠᠯᠭᠠᠲᠠᠨ ᠸᠢᠳᠢᠤ᠋ ᠪᠠᠷ ᠳᠠᠮᠵᠢᠭᠤᠯᠤᠨ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃      ᠢᠷᠡᠯᠲᠡ᠄ ᠥᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠤᠨ ᠰᠠᠭᠤᠴᠠ ᠪᠠ ᠬᠤᠳᠠ ᠬᠦᠳᠡᠭᠡ ᠶᠢᠨ ᠪᠥᠲᠦᠭᠡᠨ ᠪᠠᠶᠢᠭᠤᠯᠤᠯᠲᠠ ᠶᠢᠨ ᠲᠢᠩᠬᠢᠮ ᠤᠨ ᠸᠢᠴᠠᠲ ᠤᠨ ᠨᠡᠶᠢᠲᠡᠯᠡᠬᠦ ᠲᠠᠪᠴᠠᠩ    
ᠢᠷᠡᠯᠲᠡ᠄ ᠥᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠤᠨ ᠰᠠᠭᠤᠴᠠ ᠪᠠ ᠬᠤᠳᠠ ᠬᠦᠳᠡᠭᠡ ᠶᠢᠨ ᠪᠥᠲᠦᠭᠡᠨ ᠪᠠᠶᠢᠭᠤᠯᠤᠯᠲᠠ ᠶᠢᠨ ᠲᠢᠩᠬᠢᠮ