ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ 2022 ᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ ᠵᠤᠬᠢᠶᠠᠨ ᠪᠠᠶᠢᠭᠤᠯᠤᠨ ᠮᠡᠳᠡᠭᠦᠯᠬᠦ ᠠᠵᠢᠯ  ᠤᠨ ᠲᠤᠬᠠᠶ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2022/1/17
        ᠦᠪᠦᠷ ᠪᠠᠶᠢᠭᠤᠯᠤᠯᠳᠠ ᠪᠠᠷᠢᠮᠵᠢᠶ᠎ᠠ ᠵᠠᠬᠢᠳᠠᠯ ﹇2022﹈ 18 ᠳ᠋ᠤᠭᠠᠷ ᠲᠣᠭᠠᠲᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ 2022 ᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ ᠵᠤᠬᠢᠶᠠᠨ ᠪᠠᠶᠢᠭᠤᠯᠤᠨ ᠮᠡᠳᠡᠭᠦᠯᠬᠦ ᠠᠵᠢᠯ  ᠤᠨ ᠲᠤᠬᠠᠶ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠮᠡᠳᠡᠭᠳᠡᠯ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠲᠢᠩᠬᠢᠮ ᠤᠨ ᠰᠢᠭᠤᠳ ᠬᠠᠷᠢᠶ᠎ᠠ ᠡᠯ᠎ᠡ ᠨᠢᠭᠡᠴᠢ᠂ ᠬᠠᠮᠢᠶ᠎ᠠ ᠪᠥᠬᠦᠶ ᠨᠡᠶᠢᠭᠡᠮᠯᠢᠭ ︵ᠡᠷᠳᠡᠮ ᠰᠢᠨᠵᠢᠯᠡᠭᠡᠨ︶ ᠳᠤ᠄       ︽ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ ︿2022 ᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ ᠵᠤᠬᠢᠶᠠᠨ ᠪᠠᠶᠢᠭᠤᠯᠤᠨ ᠮᠡᠳᠡᠭᠦᠯᠬᠦ ᠠᠵᠢᠯ ᠤᠨ ᠲᠤᠬᠠᠶ ᠮᠡᠳᠡᠭᠳᠡᠯ﹀︾ ︵ᠪᠠᠶᠢᠭᠤᠯᠤᠯᠲᠠ ᠠᠯᠪᠠᠨ ᠪᠠᠷᠢᠮᠵᠢᠶ᠎ᠠ ᠵᠠᠬᠢᠳᠠᠯ  ﹇2022﹈ 3 ᠳ᠋ᠤᠭᠠᠷ ᠲᠣᠭᠠᠲᠤ︶ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ 2022 ᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ ᠵᠤᠬᠢᠶᠠᠨ ᠪᠠᠶᠢᠭᠤᠯᠤᠨ ᠮᠡᠳᠡᠭᠦᠯᠬᠦ ᠠᠵᠢᠯ ᠢ ᠰᠠᠶᠢᠲᠤᠷ ᠬᠢᠬᠦ ᠲᠤᠬᠠᠶ ᠳᠣᠤᠷᠠᠬᠢ ᠮᠡᠲᠦ ᠮᠡᠳᠡᠭᠳᠡᠪᠡ᠄       ᠨᠢᠭᠡ᠂ ᠡᠯ᠎ᠡ ᠠᠶᠢᠮᠠᠭ ᠬᠤᠲᠠ᠂ ᠡᠯ᠎ᠡ ᠨᠢᠭᠡᠴᠢ᠂ ᠬᠤᠯᠪᠣᠭᠳᠠᠯ ᠪᠥᠬᠦᠶ ᠨᠡᠶᠢᠭᠡᠮᠯᠢᠭ ︵ᠡᠷᠳᠡᠮ ᠰᠢᠨᠵᠢᠯᠡᠭᠡᠨ︶ ᠮᠡᠳᠡᠭᠦᠯᠬᠦ ᠠᠵᠢᠯ ᠢ ᠬᠢᠨᠠᠮᠠᠭᠠᠶ ᠰᠠᠶᠢᠲᠤᠷ ᠵᠣᠬᠢᠶᠠᠨ ᠪᠠᠶᠢᠭᠤᠯᠵᠤ᠂ ︽ᠮᠡᠳᠡᠭᠳᠡᠯ︾ ᠤᠨ ᠱᠠᠭᠠᠷᠳᠠᠯᠭ᠎ᠠ ᠪᠠ ᠰᠡᠳᠦᠪ ᠰᠣᠩᠭᠤᠨ ᠮᠡᠳᠡᠭᠦᠯᠬᠦ ᠴᠢᠭᠯᠡᠯ ᠤᠨ ᠶᠣᠰᠣᠭᠠᠷ ᠲᠥᠷᠥᠯ ᠵᠦᠢᠯ ᠢ ᠬᠢᠨᠠᠨ ᠬᠠᠷᠭᠤᠭᠤᠯᠬᠤ᠂ ᠲᠠᠨᠢᠯᠴᠠᠭᠤᠯᠬᠤ ᠶᠢᠨ ᠪᠣᠭᠤᠮᠲᠠ ᠶᠢ ᠴᠢᠩᠭ᠎ᠠ ᠡᠵᠡᠮᠳᠡᠵᠦ᠂ ᠭᠤᠤᠯᠳᠠᠯᠭ᠎ᠠ ᠶᠢ ᠳᠣᠪᠤᠶᠢᠯᠭᠠᠨ᠂ ᠰᠢᠯᠢᠳᠡᠭ ᠠᠴᠠ ᠰᠢᠯᠢᠳᠡᠭ ᠢ ᠰᠣᠩᠭᠤᠵᠤ᠂ ᠶᠠᠰᠤ ᠴᠢᠨᠠᠷ ᠢ ᠴᠢᠬᠤᠯᠠᠴᠢᠯᠠᠬᠤ ᠶᠢᠨ ᠬᠠᠮᠲᠤ᠂ ᠲᠠᠨᠢᠯᠴᠠᠭᠤᠯᠤᠭᠰᠠᠨ ᠲᠥᠷᠥᠯ ᠵᠦᠢᠯ ᠤᠨ ᠦᠨᠡᠨ ᠪᠣᠳᠠᠲᠤ ᠴᠢᠨᠠᠷ ᠵᠡᠷᠭᠡ ᠳᠤ ᠬᠠᠷᠢᠭᠤᠴᠠᠬᠤ ᠬᠡᠷᠡᠭᠲᠡᠶ᠃       ᠬᠤᠶᠠᠷ᠂ ᠡᠯ᠎ᠡ ᠠᠶᠢᠮᠠᠭ ᠬᠤᠲᠠ᠂ ᠡᠯ᠎ᠡ ᠨᠢᠭᠡᠴᠢ᠂ ᠬᠤᠯᠪᠣᠭᠳᠠᠯ ᠪᠥᠬᠦᠶ ᠨᠡᠶᠢᠭᠡᠮᠯᠢᠭ ︵ᠡᠷᠳᠡᠮ ᠰᠢᠨᠵᠢᠯᠡᠭᠡᠨ︶ ᠠᠴᠠ ᠲᠠᠨᠢᠯᠴᠠᠭᠤᠯᠬᠤ ᠪᠠᠷ ᠪᠠᠶᠢᠭ᠎ᠠ ᠲᠥᠷᠥᠯ ᠵᠦᠢᠯ ᠤᠨ ᠨᠢᠭᠡᠴᠢ ᠶᠢ ᠵᠣᠬᠢᠶᠠᠨ ᠪᠠᠶᠢᠭᠤᠯᠤᠨ ᠰᠦᠯᠵᠢᠶᠡᠨ ᠳᠡᠭᠡᠷ᠎ᠡ ᠮᠡᠳᠡᠭᠦᠯᠬᠦ ︵ᠰᠦᠯᠵᠢᠶᠡᠨ ᠤ ᠬᠠᠶ᠋ᠢᠭ http://kjxm.mohurd.gov.cn︶ ᠶᠢᠨ ᠬᠠᠮᠳᠦ ᠲᠠᠨᠢᠯᠴᠠᠭᠤᠯᠬᠤ ᠵᠠᠬᠢᠳᠠᠯ ᠪᠠ ᠲᠠᠨᠢᠯᠴᠠᠭᠤᠯᠬᠤ ᠲᠥᠷᠥᠯ ᠵᠦᠢᠯ ᠤᠨ ᠨᠡᠷᠡᠰ ︵ᠨᠢᠭᠡ ᠬᠤᠪᠢ︶ ᠢ 2022 ᠣᠨ ᠤ 2 ᠳ᠋ᠤᠭᠠᠷ ᠰᠠᠷ᠎ᠠ ᠶᠢᠨ 10 ᠤ ᠡᠳᠦᠷ ᠠᠴᠠ ᠡᠮᠦᠨ᠎ᠡ ᠮᠠᠨ ᠤ ᠲᠢᠩᠬᠢᠮ ᠤᠨ ᠪᠠᠷᠢᠮᠵᠢᠶᠠᠲᠤ ᠨᠣᠷᠮ᠎ᠠ ᠬᠢᠭᠡᠳ ᠡᠨᠧᠷᠭᠢ ᠠᠷᠪᠢᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠭᠠᠵᠠᠷ ᠲᠤ ᠮᠡᠳᠡᠭᠦᠯᠦᠨ ᠬᠦᠷᠭᠡᠨ᠎ᠡ᠃    ᠭᠤᠷᠪᠠ᠂ ᠮᠡᠳᠡᠭᠦᠯᠬᠦ ᠨᠢᠭᠡᠴᠢ ᠨᠢ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠲᠤ ᠭᠤᠤᠯ ᠬᠠᠷᠢᠭᠤᠴᠠᠯᠭ᠎ᠠ ᠶᠢ ᠡᠭᠦᠷᠭᠡᠯᠡᠨ᠎ᠡ᠃       ᠳᠥᠷᠪᠡ᠂ ᠮᠡᠳᠡᠭᠦᠯᠬᠦ ᠨᠢᠭᠡᠴᠢ ᠦᠪᠡᠷ ᠢᠶᠠᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠤ ᠰᠦᠯᠵᠢᠶ᠎ᠡ ᠳᠤ ᠭᠠᠷᠴᠤ ᠠᠯᠪᠠᠨ ᠵᠠᠷ ᠤᠨ ᠲᠤᠰᠬᠠᠶ ᠪᠤᠯᠤᠩ ᠠᠴᠠ http://www.mohurd.gov.cn ᠪᠠᠭᠤᠯᠭᠠᠭᠠᠷᠠᠶ᠃       ᠬᠠᠷᠢᠯᠴᠠᠬᠤ ᠬᠦᠮᠦᠨ᠄ ᠸᠠᠩ ᠯᠢ ᠵᠢᠶᠦ᠋ᠨ       ᠬᠠᠷᠢᠯᠴᠠᠬᠤ ᠤᠲᠠᠰᠤ᠄ 0471—6944435᠂ 6965662 ︵ᠹᠠᠺᠰ︶       ᠢᠮᠧᠯ᠄ nmgjstkjc@163.com       ᠬᠠᠶ᠋ᠢᠭ᠄ ᠥᠪᠥᠷ ᠮᠣᠩᠭᠤᠯ ᠤᠨ ᠬᠥᠬᠡᠬᠤᠲᠠ ᠶᠢᠨ ᠴᠢᠩᠭᠢᠰ ᠬᠠᠭᠠᠨ ᠶᠡᠭᠡ ᠵᠡᠭᠡᠯᠢ ᠶᠢᠨ ᠪᠥᠲᠥᠭᠡᠨ ᠪᠠᠶᠢᠭᠤᠯᠤᠯᠲᠠ ᠶᠢᠨ ᠲᠣᠮᠣ ᠠᠰᠠᠷ ᠤᠨ 607 ᠳ᠋ᠤᠭᠠᠷ ᠥᠷᠥᠭᠡ       ᠰᠢᠦᠳᠠᠨ ᠳ᠋ᠤᠭᠠᠷ᠄ 010060     2022 ᠣᠨ ᠤ 1 ᠳ᠋ᠤᠭᠡᠷ ᠰᠠᠷ᠎ᠠ ᠶᠢᠨ 13 ᠤ ᠡᠳᠦᠷ      ᠳᠠᠭᠠᠯᠳᠤᠭᠤᠯᠤᠯ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ 2022 ᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠤᠨ ᠲᠠᠨᠢᠯᠴᠠᠭᠤᠯᠬᠤ ᠲᠥᠷᠥᠯ ᠵᠦᠢᠯ ᠤᠨ ᠨᠡᠷᠡᠰ      ᠢᠷᠡᠯᠲᠡ᠄ ᠥᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠤᠨ ᠰᠠᠭᠤᠴᠠ ᠪᠠ ᠬᠤᠳᠠ ᠬᠦᠳᠡᠭᠡ ᠶᠢᠨ ᠪᠥᠲᠦᠭᠡᠨ ᠪᠠᠶᠢᠭᠤᠯᠤᠯᠲᠠ ᠶᠢᠨ ᠲᠢᠩᠬᠢᠮ ᠤᠨ ᠸᠢᠴᠠᠲ ᠤᠨ ᠨᠡᠶᠢᠲᠡᠯᠡᠬᠦ ᠲᠠᠪᠴᠠᠩ       
ᠢᠷᠡᠯᠲᠡ᠄ ᠥᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠤᠨ ᠰᠠᠭᠤᠴᠠ ᠪᠠ ᠬᠤᠳᠠ ᠬᠦᠳᠡᠭᠡ ᠶᠢᠨ ᠪᠥᠲᠦᠭᠡᠨ ᠪᠠᠶᠢᠭᠤᠯᠤᠯᠲᠠ ᠶᠢᠨ ᠲᠢᠩᠬᠢᠮ