ᠤᠤᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠠᠵᠢᠯ ᠡᠷᠭᠢᠯᠡᠭᠰᠡᠳ ᠤᠨ ᠦᠨᠡᠨ ᠨᠡᠷ᠎ᠡ ᠶᠢᠨ ᠳᠦᠷᠢᠮᠲᠦ ᠬᠠᠮᠢᠶᠠᠷᠤᠯᠲᠠ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ᠢ ᠬᠡᠷᠡᠭᠯᠡᠬᠦ ᠶᠢ ᠵᠣᠭᠰᠣᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠳᠠ ᠶᠢᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2022/1/19
      ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠲᠣᠰ ᠡᠳᠦᠷ ᠠᠴᠠ ᠡᠬᠢᠯᠡᠨ ᠤᠤᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠠᠵᠢᠯ ᠡᠷᠭᠢᠯᠡᠭᠰᠡᠳ ᠤᠨ ᠦᠨᠡᠨ ᠨᠡᠷ᠎ᠡ ᠶᠢᠨ ᠳᠦᠷᠢᠮᠲᠦ ᠬᠠᠮᠢᠶᠠᠷᠤᠯᠲᠠ ᠶᠢᠨ  ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ︵ᠳᠣᠷᠣᠭᠰᠢ ᠤᠤᠯ ᠤᠨ ᠦᠨᠡᠨ ᠨᠡᠷ᠎ᠡ ᠶᠢᠨ ᠳᠦᠷᠢᠮᠲᠦ ᠲᠠᠪᠴᠠᠩ ᠭᠡᠵᠦ ᠲᠣᠪᠴᠢᠯᠠᠨ᠎ᠠ︶ ᠢ ᠬᠡᠷᠡᠭᠯᠡᠬᠦ ᠶᠢ ᠵᠣᠭᠰᠣᠭᠠᠨ᠎ᠠ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠪᠡ᠄      ᠨᠢᠭᠡ᠂ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠠᠴᠠ ᠬᠥᠯᠥᠰᠥᠨ ᠠᠵᠢᠯᠴᠢᠨ ᠳᠤ ᠴᠠᠯᠢᠩ ᠥᠭᠬᠦ ᠴᠢᠬᠤᠯᠠᠲᠠᠶ ᠪᠠᠶᠢᠪᠠᠯ᠂ ᠬᠥᠯᠥᠰᠥᠨ ᠠᠵᠢᠯᠴᠢᠨ ᠤ ᠴᠠᠯᠢᠩ ᠤᠨ ᠲᠤᠰᠬᠠᠶ ᠲᠠᠩᠰᠠᠨ ᠡᠷᠤᠭᠡ ᠶᠢᠨ ᠨᠡᠭᠡᠭᠡᠭᠰᠡᠨ ᠪᠠᠩᠬᠢ ᠳᠤ ︽ᠴᠠᠯᠢᠩ ᠤᠨ ᠬᠦᠰᠦᠨᠦᠭᠲᠦ︾ ︵ᠵᠠᠭᠪᠤᠷ ᠢ ᠬᠤᠯᠪᠣᠭᠳᠠᠯ ᠪᠦᠬᠦᠢ ᠪᠠᠩᠬᠢ ᠠᠴᠠ ᠠᠰᠠᠭᠤᠨ ᠯᠠᠪᠯᠠᠵᠤ ᠪᠣᠯᠤᠨ᠎ᠠ︶ ᠪᠠᠨ ᠲᠤᠰᠢᠶᠠᠵᠦ᠂ ᠪᠠᠩᠬᠢ ᠠᠴᠠ ︽ᠴᠠᠯᠢᠩ ᠤᠨ ᠬᠦᠰᠦᠨᠦᠭᠲᠦ︾ ᠶᠢᠨ ᠶᠣᠰᠣᠭᠠᠷ ᠬᠥᠯᠥᠰᠥᠨ ᠠᠵᠢᠯᠴᠢᠨ ᠳᠤ ᠴᠠᠯᠢᠩ ᠤᠯᠭᠤᠨ᠎ᠠ᠃ ᠪᠠᠩᠬᠢ ᠬᠢᠭᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠠᠵᠢᠯ ᠡᠷᠭᠢᠯᠡᠭᠰᠡᠳ ᠤᠨ ᠦᠨᠡᠨ ᠨᠡᠷ᠎ᠡ ᠶᠢᠨ ᠳᠦᠷᠢᠮᠲᠦ ᠬᠠᠮᠢᠶᠠᠷᠤᠯᠲᠠ ᠶᠢᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ︵V2.0︶ ︵ᠳᠣᠷᠣᠭᠰᠢ ᠦᠨᠡᠨ ᠨᠡᠷ᠎ᠡ ᠶᠢᠨ ᠳᠦᠷᠢᠮᠲᠦ ᠲᠠᠪᠴᠠᠩ ︵V2.0︶ ᠭᠡᠵᠦ ᠲᠣᠪᠴᠢᠯᠠᠨ᠎ᠠ︶ ᠢ ᠵᠣᠯᠭᠠᠭᠤᠯᠤᠭᠰᠠᠨ ᠤ ᠳᠠᠷᠠᠭ᠎ᠠ᠂ ᠬᠥᠯᠥᠰᠥᠨ ᠠᠵᠢᠯᠴᠢᠨ ᠳᠤ ᠴᠠᠯᠢᠩ ᠣᠯᠭᠤᠬᠤ ᠳᠤ ᠲᠣᠭᠲᠠᠭᠠᠯ ᠶᠣᠰᠣᠭᠠᠷ ᠦᠨᠡᠨ ᠨᠡᠷ᠎ᠡ ᠶᠢᠨ ᠳᠦᠷᠢᠮᠲᠦ ᠲᠠᠪᠴᠠᠩ ︵V2.0︶ ᠳᠤ ᠬᠠᠮᠢᠶ᠎ᠠ ᠪᠥᠬᠦᠶ ᠲᠠᠰ ᠳᠠᠷᠠᠭᠠᠯᠠᠯ ᠢ ᠭᠦᠢᠴᠡᠳᠭᠡᠨ᠎ᠡ᠃      ᠬᠤᠶᠠᠷ᠂ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠠᠴᠠ ᠴᠠᠯᠢᠩ ᠤᠨ ᠪᠠᠲᠤᠯᠠᠭ᠎ᠠ ᠶᠢᠨ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠬᠦᠴᠦᠨ ᠦᠭᠡᠶ ᠪᠣᠯᠭᠠᠬᠤ ᠴᠢᠬᠤᠯᠠᠳᠠᠢ ᠪᠤᠯᠪᠠᠯ᠂ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ︽ᠬᠥᠯᠥᠰᠥᠨ ᠠᠵᠢᠯᠴᠢᠨ ᠤ ᠴᠠᠯᠢᠩ ᠤᠨ ᠲᠤᠰᠬᠠᠶ ᠳᠠᠩᠰᠠᠨ ᠡᠷᠦᠬᠡ ᠵᠢᠴᠢ ᠴᠠᠯᠢᠩ ᠤᠨ ᠪᠠᠲᠤᠯᠠᠭ᠎ᠠ ᠶᠢᠨ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠬᠦᠴᠦᠨ ᠦᠭᠡᠶ ᠪᠣᠯᠭᠠᠬᠤ ᠭᠤᠶᠤᠴᠢᠯᠠᠯ ᠤᠨ ᠬᠦᠰᠦᠨᠦᠭᠲᠦ︾ ᠶᠢ ᠴᠠᠯᠢᠩ ᠤᠨ ᠪᠠᠲᠤᠯᠠᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠲᠤᠰᠢᠶᠠᠵᠦ᠂ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠲᠠᠮᠠᠭ᠎ᠠ ᠲᠠᠷᠤᠵᠦ ᠨᠤᠲᠠᠯᠠᠭᠰᠠᠨ ᠤ ᠳᠠᠷᠠᠭ᠎ᠠ᠂ ᠬᠤᠯᠪᠣᠭᠳᠠᠯ ᠪᠦᠬᠦᠢ ᠪᠠᠩᠬᠢ ᠠᠴᠠ ︽ᠬᠥᠯᠥᠰᠥᠨ ᠠᠵᠢᠯᠴᠢᠨ ᠤ ᠴᠠᠯᠢᠩ ᠤᠨ ᠲᠤᠰᠬᠠᠶ ᠳᠠᠩᠰᠠᠨ ᠡᠷᠦᠬᠡ ᠵᠢᠴᠢ ᠴᠠᠯᠢᠩ ᠤᠨ ᠪᠠᠲᠤᠯᠠᠭ᠎ᠠ ᠶᠢᠨ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠬᠦᠴᠦᠨ ᠦᠭᠡᠢ ᠪᠣᠯᠭᠠᠬᠤ ᠭᠤᠶᠤᠴᠢᠯᠠᠯ ᠤᠨ ᠬᠦᠰᠦᠨᠦᠭᠲᠦ︾ ᠶᠢ ᠳᠠᠩᠰᠠ ᠡᠷᠦᠬᠡ ᠪᠠᠶᠢᠭᠤᠯᠬᠤ ᠬᠡᠯᠡᠯᠴᠡᠭᠡᠷ ᠯᠦᠭᠡ ᠲᠠᠮᠠᠭ᠎ᠠ ᠶᠢᠨ ᠬᠠᠷᠢᠴᠠᠭᠤᠯᠤᠯ ᠬᠢᠵᠦ᠂ ᠦᠨᠡᠨ ᠪᠣᠳᠠᠲᠠᠶ ᠪᠥᠭᠡᠳ ᠬᠦᠴᠦᠨ ᠲᠠᠢ ᠪᠠᠶᠢᠬᠤ ᠶᠢ ᠦᠨᠡᠨ ᠬᠦ ᠪᠠᠲᠤᠯᠠᠭᠰᠠᠨ ᠤ ᠳᠠᠷᠠᠭ᠎ᠠ᠂ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠯᠤᠭ᠎ᠠ ᠴᠠᠯᠢᠩ ᠤᠨ ᠪᠠᠲᠤᠯᠠᠭ᠎ᠠ ᠶᠢᠨ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠬᠦᠴᠦᠨ ᠦᠭᠡᠢ ᠪᠣᠯᠭᠠᠬᠤ ᠲᠤᠬᠠᠶᠢᠯᠠᠭᠰᠠᠨ ᠠᠵᠢᠯ ᠢ ᠭᠦᠢᠴᠡᠳᠭᠡᠨ᠎ᠡ᠃ ᠪᠠᠩᠬᠢ ᠬᠢᠭᠡᠳ ᠦᠨᠡᠨ ᠨᠡᠷ᠎ᠡ ᠶᠢᠨ ᠲᠦᠷᠢᠮ ᠤᠨ ᠲᠠᠪᠴᠠᠩ ︵V2.0︶ ᠢ ᠵᠣᠯᠭᠠᠭᠤᠯᠤᠭᠰᠠᠨ ᠤ ᠳᠠᠷᠠᠭ᠎ᠠ᠂ ᠴᠠᠯᠢᠩ ᠤᠨ ᠪᠠᠲᠤᠯᠠᠭ᠎ᠠ ᠶᠢᠨ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠬᠦᠴᠦᠨ ᠥᠬᠡᠶ ᠪᠣᠯᠭᠠᠬᠤ ᠳᠤ ᠲᠣᠭᠲᠠᠭᠠᠯ ᠶᠣᠰᠣᠭᠠᠷ ᠦᠨᠡᠨ ᠨᠡᠷ᠎ᠡ ᠶᠢᠨ ᠲᠦᠷᠢᠮ ᠤᠨ ᠲᠠᠪᠴᠠᠩ ︵V2.0︶ ᠳᠤ ᠬᠠᠮᠢᠶ᠎ᠠ ᠪᠥᠬᠦᠶ ᠲᠠᠰ ᠳᠠᠷᠠᠭᠠᠯᠠᠯ ᠢ ᠭᠦᠢᠴᠡᠳᠭᠡᠨ᠎ᠡ᠃      ᠬᠠᠷᠢᠯᠴᠠᠬᠤ ᠬᠥᠮᠦᠨ᠄ ᠾᠧᠦ ᠰᠢᠶᠤᠤ ᠢᠦᠶ       ᠤᠲᠠᠰᠤ᠄ 13948439780      2022 ᠣᠨ ᠤ 1 ᠳ᠋ᠤᠭᠡᠷ ᠰᠠᠷ᠎ᠠ ᠶᠢᠨ 17 ᠤ ᠡᠳᠦᠷ︵ᠲᠤᠰ ᠮᠠᠲ᠋ᠧᠷᠢᠶᠠᠯ ᠢ ᠢᠯᠡ ᠨᠡᠶᠢᠳᠡᠯᠡᠨ᠎ᠡ︶ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠳᠠ ᠶᠢᠨ ᠲᠢᠩᠬᠢᠮ