ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠹᠧᠩ ᠷᠧᠨ ᠹᠧᠶ ᠡᠮᠦᠨ᠎ᠡ ᠹᠷᠣᠨᠲ ᠤᠨ ᠠᠵᠢᠯᠲᠠᠨ ᠠᠵᠢᠯᠴᠢᠨ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2022/1/29
      1 ᠰᠠᠷ᠎ᠠ ᠶᠢᠨ 29 ᠤ ᠦᠳᠡ ᠶᠢᠨ ᠬᠤᠶᠢᠨ᠎ᠠ᠂ ᠪᠢᠯᠢᠭ ᠤᠨ ᠤᠯᠠᠷᠢᠯ ᠤᠨ ᠬᠠᠷ᠎ᠠ ᠪᠠᠷᠰ ᠵᠢᠯ ᠤᠨ ᠴᠠᠭᠠᠨ ᠰᠠᠷ᠎ᠠ ᠠᠴᠠ ᠡᠮᠦᠨᠡᠬᠡᠨ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠹᠧᠩ ᠷᠧᠨ ᠹᠸᠢ ᠠᠵᠢᠯ ᠤᠨ ᠡᠮᠦᠨ᠎ᠡ ᠹᠷᠣᠨᠲ ᠲᠤ ᠦᠢᠯᠡᠴᠢᠯᠡᠵᠦ ᠪᠠᠶᠢᠭ᠎ᠠ ᠠᠵᠢᠯᠳᠠᠨ ᠠᠵᠢᠯᠴᠢᠨ ᠢ ᠡᠷᠬᠢᠨ ᠦᠵᠡᠵᠦ ᠲᠣᠬᠤᠨᠢᠭᠤᠯᠤᠨ᠂ ᠲᠡᠳᠡᠨ ᠤ ᠡᠮᠦᠨ᠎ᠡ ᠹᠷᠣᠨᠲ ᠢ ᠪᠠᠲᠤ ᠰᠠᠬᠢᠵᠤ᠂ ᠰᠢᠷᠭᠠᠭᠤ ᠠᠵᠢᠯᠯᠠᠵᠤ ᠪᠠᠶᠢᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠲᠡᠳᠡᠨ ᠳᠤ ᠪᠠᠶᠠᠷ ᠤᠨ ᠡᠳᠦᠷ ᠤᠨ ᠴᠢᠩ ᠦᠨᠡᠨᠴᠢ ᠮᠡᠨᠳᠦᠴᠢᠯᠡᠯ ᠪᠣᠯᠤᠨ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠦ᠂ ᠤᠯᠠᠨ ᠤ ᠠᠵᠢᠯ ᠤᠷᠤᠭᠰᠢᠲᠠᠢ᠂ ᠠᠮᠢᠳᠤᠷᠠᠯ ᠰᠠᠶᠢᠨ ᠰᠠᠶᠢᠬᠠᠨ᠂ ᠪᠠᠷᠰ ᠵᠢᠯ ᠤᠨ ᠥᠯᠵᠡᠢ ᠪᠡᠯᠭᠡ ᠲᠠᠢ ᠪᠠᠶᠢᠬᠤ ᠶᠢ ᠵᠥᠩᠨᠡᠪᠡ᠃
           ᠹᠧᠩ ᠷᠧᠨ ᠹᠸᠢ ᠨᠠᠷ ᠤᠷᠢᠳ ᠬᠤᠵᠢᠳ ᠠᠳᠠᠯ ᠠᠬᠤᠢ ᠶᠢᠨ ᠦᠢᠯᠡᠴᠢᠯᠡᠭᠡᠨ ᠤ ᠬᠥᠮᠦᠰ᠂ ᠬᠤᠭᠤᠯᠠᠨ ᠭᠡᠷ ᠤᠨ ᠠᠵᠢᠯᠲᠠᠳ ᠢ ᠡᠷᠬᠢᠨ ᠦᠵᠡᠵᠦ ᠲᠣᠬᠤᠨᠢᠭᠤᠯᠵᠤ᠂ ᠲᠡᠳᠡᠨ ᠤ ᠨᠢᠭᠡ ᠵᠢᠯ ᠤᠨ ᠲᠤᠷᠰᠢᠬᠢ ᠪᠠᠶᠢᠭᠤᠯᠭ᠎ᠠ ᠶᠢᠨ ᠲᠣᠭᠲᠠᠭᠤᠨ ᠬᠡᠪ ᠤᠨ ᠡᠷᠭᠢᠯᠲᠡ ᠶᠢ ᠪᠠᠲᠤᠯᠠᠬᠤ ᠳᠤ ᠭᠠᠷᠭᠠᠭᠰᠠᠨ ᠰᠢᠷᠭᠠᠭᠤ ᠬᠥᠳᠡᠯᠮᠦᠷᠢ᠂ ᠢᠯᠠᠩᠭᠤᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠭᠠᠷᠭᠠᠭᠰᠠᠨ ᠴᠢᠷᠮᠠᠶᠢᠯᠭ᠎ᠠ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠳᠡᠨ ᠢ ᠵᠢᠵᠢᠭᠦᠷᠯᠡᠵᠦ ᠠᠵᠢᠯᠯᠠᠵᠤ ᠠᠮᠠᠷᠠᠬᠤ ᠪᠠᠨ ᠵᠣᠬᠢᠰᠲᠠᠶ ᠲᠣᠬᠢᠷᠠᠭᠤᠯᠵᠤ᠂ ᠠᠵᠢᠯᠯᠠᠵᠤ ᠠᠮᠠᠷᠠᠬᠤ ᠪᠠᠨ ᠤᠶᠠᠯᠳᠤᠭᠤᠯᠵᠤ᠂ ᠣᠯᠠᠨ ᠢ ᠰᠢᠨ᠎ᠡ ᠨᠢᠭᠡ ᠵᠢᠯ ᠳᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠵᠢᠳᠬᠦᠯ ᠴᠢᠷᠮᠠᠶᠢᠯᠭ᠎ᠠ ᠭᠠᠷᠭᠠᠵᠤ᠂ ᠬᠡᠬᠦᠳᠡᠭ ᠳᠦᠭᠦᠷᠡᠩ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠰᠢᠨ᠎ᠡ ᠨᠢᠭᠡ ᠵᠢᠯ ᠤᠨ ᠠᠵᠢᠯ ᠳᠤ ᠣᠷᠣᠯᠴᠠᠵᠤ᠂ ᠲᠢᠩᠬᠢᠮ ᠤᠨ ᠰᠢᠰᠲ᠋ᠧᠮ ᠤᠨ ᠥᠷᠭᠡᠨ ᠣᠯᠠᠨ ᠺᠠᠳ᠋ᠷ ᠠᠵᠢᠯᠲᠠᠨ ᠳᠤ ᠪᠥᠬᠦ ᠲᠠᠯ᠎ᠠ ᠶᠢᠨ ᠥᠨᠳᠥᠷ ᠪᠦᠲᠦᠮᠵᠢᠲᠡᠶ ᠶᠡᠷᠦᠩᠬᠡᠶᠢᠯᠡᠭᠰᠡᠨ ᠦᠶ᠋ᠯᠡᠴᠢᠯᠡᠭᠡᠨ ᠤ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠵᠣᠷᠢᠭᠵᠢᠭᠤᠯᠪᠠ᠃      ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠰᠦᠨ ᠰᠢᠤᠸᠠᠢ ᠰᠥᠩ ᠪᠠᠷ᠎ᠠ ᠪᠣᠯᠵᠣ ᠲᠣᠬᠤᠨᠢᠭᠤᠯᠪᠠ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ