ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠲᠥᠰᠦᠯ ᠤᠨ ᠲᠤᠰᠬᠠᠢ ᠮᠡᠷᠭᠡᠵᠢᠯᠳᠡᠨ ᠤ ᠨᠤᠳᠠᠯᠠᠯᠳᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/3
      12 ᠳ᠋ᠤᠭᠠᠷ ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤᠰᠬᠠᠶ ᠮᠡᠷᠭᠡᠵᠢᠯᠲᠡᠨ ᠤ ᠨᠤᠳᠠᠯᠠᠯᠳᠠ ᠶᠢᠨ ᠬᠤᠷᠠᠯ ᠬᠤᠷᠠᠯᠳᠤᠭᠤᠯᠵᠤ᠂ ᠣᠷᠣᠨ ᠤ ᠳᠣᠲᠣᠷ᠎ᠠ ᠭᠠᠳᠠᠨᠠᠬᠢ ᠶᠢᠰᠦᠨ ᠲᠤᠰᠬᠠᠶ ᠮᠡᠷᠭᠡᠵᠢᠯᠲᠡᠨ ᠢ ᠤᠷᠢᠵᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠲᠥᠰᠦᠯ︾ ᠳᠤ ᠨᠤᠲᠠᠯᠠᠯᠲᠠ ᠬᠢᠯᠭᠡᠪᠡ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠭᠠᠵᠠᠷ ᠤᠨ ᠬᠠᠷᠢᠭᠤᠴᠠᠯᠭᠠᠲᠠᠨ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠬᠠᠮᠢᠶ᠎ᠠ ᠪᠥᠬᠦᠶ ᠠᠵᠢᠯᠲᠠᠨ ᠵᠢᠴᠢ ᠮᠡᠷᠭᠡᠵᠢᠯ ᠤᠨ ᠦᠢᠯᠡᠴᠢᠯᠡᠭᠡᠨ ᠤ ᠨᠢᠭᠡᠴᠡ ᠶᠢᠨ ᠣᠷᠣᠨ ᠲᠤᠭ᠎ᠠ ᠶᠢᠨ ᠠᠵᠢᠯᠲᠠᠨ ᠬᠤᠷᠠᠯ ᠳᠤ ᠣᠷᠣᠯᠴᠠᠪᠠ᠃
aa.jpg
      ᠬᠤᠷᠠᠯ ᠠᠴᠠ ᠨᠠᠶᠢᠷᠠᠭᠤᠯᠤᠨ ᠵᠣᠬᠢᠶᠠᠭᠰᠠᠨ ᠨᠢᠭᠡᠴᠡ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠤᠨ ᠪᠥᠲᠥᠭᠡᠨ ᠪᠠᠶᠢᠭᠤᠯᠤᠯᠲᠠ ᠶᠢᠨ ᠠᠬᠤᠶ ᠪᠠᠶᠢᠳᠠᠯ᠂ ᠣᠳᠣᠬᠢ ᠪᠠᠶᠢᠳᠠᠯ ᠤᠨ ᠲᠣᠳᠣᠷᠬᠠᠶᠢᠯᠠᠯᠲᠠ᠂ ᠲᠠᠰ ᠳᠡᠪᠰᠢᠭᠦᠯᠬᠦ ᠲᠥᠰᠦᠯ ᠵᠡᠷᠭᠡ ᠠᠭᠤᠯᠭ᠎ᠠ ᠶᠢᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠨᠠᠷᠢᠨ ᠬᠢᠨᠠᠮᠠᠭᠠᠶ ᠬᠢᠨᠠᠨ ᠪᠠᠶᠢᠴᠠᠭᠠᠵᠤ᠂ ᠨᠠᠷᠢᠨ ᠨᠢᠮᠪᠠᠶ ᠶᠠᠷᠢᠯᠴᠠᠭᠠᠳ᠂ ᠲᠠᠰ ᠳᠡᠪᠰᠢᠭᠦᠯᠬᠦ ᠲᠥᠰᠦᠯ ᠤᠨ ᠠᠭᠤᠯᠭ᠎ᠠ ᠨᠢ ᠨᠡᠯᠢᠶᠡᠳ ᠪᠥᠬᠦ ᠲᠠᠯ᠎ᠠ ᠶᠢᠨ ᠪᠠᠶᠢᠵᠤ᠂ ᠣᠳᠣᠬᠠᠨ ᠤ ᠥᠭᠡᠷᠡᠴᠢᠯᠡᠯᠲᠡ ᠶᠢᠨ ᠠᠵᠢᠯ ᠤᠨ ᠬᠡᠷᠡᠭᠴᠡᠭᠡ ᠶᠢ ᠦᠨᠳᠦᠰᠦᠨ ᠳᠡᠭᠡᠨ ᠬᠠᠩᠭᠠᠵᠤ ᠴᠢᠳᠠᠨ᠎ᠠ ᠭᠡᠵᠦ ᠦᠵᠡᠭᠰᠡᠨ ᠪᠥᠭᠡᠳ ᠨᠤᠲᠠᠯᠠᠯᠲᠠ ᠶᠢᠨ ᠰᠠᠨᠠᠯ ᠢᠶᠠᠨ ᠳᠤᠷᠠᠳᠤᠭᠰᠠᠨ ᠪᠠᠶᠢᠨ᠎ᠠ᠃       ᠬᠤᠷᠠᠯ ᠠᠴᠠ ᠱᠠᠭᠠᠷᠳᠠᠭᠰᠠᠨ ᠨᠢ᠂ ᠨᠠᠶᠢᠷᠠᠭᠤᠯᠤᠨ ᠵᠣᠬᠢᠶᠠᠬᠤ ᠨᠢᠭᠡᠴᠡ ᠨᠦᠭᠦᠳ ᠲᠣᠰ ᠤᠳᠠᠭᠠᠨ ᠤ ᠲᠤᠰᠬᠠᠶ ᠮᠡᠷᠭᠡᠵᠢᠯᠲᠡᠨ ᠤ ᠨᠤᠲᠠᠯᠠᠯᠲᠠ ᠶᠢᠨ ᠰᠠᠨᠠᠯ ᠢ ᠦᠨᠳᠦᠰᠦᠯᠡᠨ ᠰᠢᠯᠢᠳᠡᠭᠵᠢᠭᠦᠯᠦᠨ ᠲᠠᠰ ᠳᠡᠪᠰᠢᠭᠦᠯᠬᠦ ᠲᠥᠰᠦᠯ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠲᠣᠰ ᠲᠥᠰᠦᠯ ᠢ ᠨᠤᠲᠠᠯᠠᠬᠤ ᠪᠠᠷ ᠳᠡᠮᠵᠢᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠨᠠᠩ ᠰᠢᠨᠵᠢᠯᠡᠬᠦ ᠤᠬᠠᠭᠠᠨᠴᠢ ᠴᠢᠨᠠᠷ ᠪᠠ ᠪᠣᠯᠤᠮᠵᠢᠲᠤ ᠴᠢᠨᠠᠷ ᠲᠠᠢ ᠪᠣᠯᠭᠠᠵᠤ᠂ ᠪᠥᠬᠦ ᠣᠷᠣᠨ ᠳᠤ ᠨᠢᠭᠡᠳᠦᠯᠲᠡᠶ ᠭᠤᠶᠤᠴᠢᠯᠠᠨ ᠮᠡᠳᠡᠭᠦᠯᠬᠦ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠬᠠᠮᠵᠢᠯᠴᠠᠨ ᠬᠥᠳᠡᠯᠦᠯᠴᠡᠬᠦ᠂ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠶᠢ ᠴᠢᠩᠭᠠᠳᠬᠠᠬᠤ᠂ ᠪᠥᠬᠦ ᠣᠷᠣᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠤᠨ ᠪᠦᠬᠦᠯᠢ ᠴᠣᠭᠴᠠ ᠶᠢᠨ  ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠮᠡᠷᠭᠡᠵᠢᠯ ᠢ ᠬᠡᠷᠡᠭᠵᠢᠭᠦᠯᠬᠦ ᠠᠷᠭ᠎ᠠ ᠵᠠᠮ ᠢ ᠲᠣᠳᠣᠷᠬᠠᠶ ᠵᠢᠭᠠᠵᠤ ᠥᠭᠭᠦᠭᠰᠡᠨ ᠪᠠᠶᠢᠨ᠎ᠠ᠃
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ