ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ︽ᠨᠢᠭᠡ ᠨᠠᠭᠤᠷ ᠬᠤᠶᠠᠷ ᠲᠡᠯᠡᠶ ︾ ᠶᠢ ᠶᠡᠷᠦᠩᠬᠡᠶᠢᠯᠡᠨ ᠵᠠᠰᠠᠬᠤ ᠲᠤᠰᠬᠠᠶ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ 4 ᠳ᠋ᠤᠭᠡᠷ ᠤᠳᠠᠭ᠎ᠠ ᠶᠢᠨ ᠵᠤᠷᠰᠢᠯᠳᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/3
      12 ᠳ᠋ᠤᠭᠠᠷ ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ︽ᠨᠢᠭᠡ ᠨᠠᠭᠤᠷ ᠬᠤᠶᠠᠷ ᠲᠡᠯᠡᠶ︾ ᠶᠢᠨ ᠶᠡᠷᠦᠩᠬᠡᠶᠢᠯᠡᠨ ᠵᠠᠰᠠᠬᠤ ᠲᠤᠰᠬᠠᠶ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ 4 ᠳ᠋ᠤᠭᠡᠷ ᠤᠳᠠᠭ᠎ᠠ ᠶᠢᠨ ᠵᠤᠷᠰᠢᠯᠳᠤ ᠬᠤᠷᠠᠯ ᠬᠤᠷᠠᠯᠳᠤᠭᠤᠯᠪᠠ᠃ ᠲᠢᠩᠬᠢᠮ ᠤᠨ ᠳᠡᠳ᠋ ᠳᠠᠷᠤᠭ᠎ᠠ ᠵᠢᠶᠧ ᠰᠢᠨ ᠮᠢᠨ ᠠᠷᠠᠳᠴᠢᠯᠠᠯ ᠬᠤᠷᠠᠯ ᠳᠡᠭᠡᠷ᠎ᠡ ᠶᠠᠷᠢᠶ᠎ᠠ ᠲᠠᠯᠪᠢᠪᠠ᠃
ss.jpg
       ᠬᠤᠷᠠᠯ ᠠᠴᠠ ᠬᠤᠯᠪᠣᠭᠳᠠᠯ ᠪᠥᠬᠦᠶ ᠠᠶᠢᠮᠠᠭ ᠬᠤᠲᠠ ᠵᠢᠴᠢ ᠲᠢᠩᠬᠢᠮ ᠤᠨ ᠡᠯ᠎ᠡ ᠭᠠᠵᠠᠷ ᠲᠠᠰᠤᠭ ᠤᠨ ︽ᠨᠢᠭᠡ ᠨᠠᠭᠤᠷ ᠬᠤᠶᠠᠷ ᠲᠡᠯᠡᠶ︾ ᠶᠢ ᠶᠡᠷᠦᠩᠬᠡᠶᠢᠯᠡᠨ ᠵᠠᠰᠠᠬᠤ ᠲᠤᠰᠬᠠᠶ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃
ss1.jpg
       ᠬᠤᠷᠠᠯ ᠠᠴᠠ᠂ ︽ᠨᠢᠭᠡ ᠨᠠᠭᠤᠷ ᠬᠤᠶᠠᠷ ᠲᠠᠩᠭᠢᠰ︾ ᠢ ᠶᠡᠷᠦᠩᠬᠡᠶᠢᠯᠡᠨ ᠵᠠᠰᠠᠬᠤ ᠠᠵᠢᠯ ᠪᠣᠯ ᠨᠢᠭᠡ ᠵᠦᠢᠯ ᠤᠨ ᠰᠢᠰᠲ᠋ᠧᠮᠳᠦ ᠴᠢᠨᠠᠷᠲᠠᠢ᠂ ᠤᠷᠳᠤ ᠬᠤᠭᠤᠴᠠᠭᠠᠨ ᠤ ᠴᠢᠨᠠᠷᠲᠠᠢ ᠢᠨᠵᠧᠨᠧᠷᠢᠩ ᠪᠣᠯᠤᠨ᠎ᠠ᠂ 2021 ᠣᠨ ᠤ ᠠᠵᠢᠯ ᠢ ᠰᠠᠶᠢᠲᠤᠷ ᠬᠢᠵᠦ᠂ ᠵᠠᠰᠠᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃ ᠡᠯ᠎ᠡ ᠲᠥᠷᠥᠯ ᠵᠦᠢᠯ ᠤᠨ ︽ᠨᠢᠭᠡ ᠨᠠᠭᠤᠷ ᠬᠤᠶᠠᠷ ᠲᠡᠯᠡᠶ︾ ᠶᠢᠨ ᠶᠡᠷᠦᠩᠬᠡᠶᠢᠯᠡᠨ ᠵᠠᠰᠠᠬᠤ ᠶᠢᠨ ᠬᠡᠷᠡᠭᠵᠢᠭᠦᠯᠬᠦ ᠲᠥᠰᠦᠯ ᠤᠨ ᠲᠣᠭᠲᠠᠭᠠᠯ ᠶᠣᠰᠣᠭᠠᠷ ᠪᠥᠬᠦ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠶᠢ ᠪᠡᠶᠡᠯᠡᠭᠦᠯᠦᠭᠰᠡᠨ ᠡᠰᠡᠬᠦ ᠶᠢ ᠭᠤᠤᠯᠳᠠᠯᠭ᠎ᠠ ᠲᠠᠢ ᠬᠢᠨᠠᠨ ᠬᠠᠷᠭᠤᠭᠤᠯᠵᠤ᠂ ᠨᠠᠷᠢᠨ ᠬᠢᠨᠠᠮᠠᠭᠠᠶ ᠡᠮᠬᠢᠯᠡᠨ ᠳᠢᠭᠯᠡᠬᠦ᠂ ᠪᠠᠶᠢᠴᠠᠭᠠᠨ ᠡᠷᠢᠬᠦ ᠪᠠ ᠠᠯᠳᠠᠰᠢ ᠭᠠᠷᠬᠤ ᠶᠢ ᠬᠤᠷᠢᠭᠯᠠᠬᠤ ᠪᠠᠷ ᠳᠠᠮᠵᠢᠭᠤᠯᠤᠨ᠂ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠵᠢᠭᠠᠨ ᠭᠠᠷᠭᠠᠪᠠ᠃       ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠠᠶᠢᠮᠠᠭ ᠬᠤᠳᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠬᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠵᠢᠴᠢ ᠬᠤᠯᠪᠣᠭᠳᠠᠯ ᠪᠦᠬᠦᠢ ᠭᠠᠵᠠᠷ ᠭᠡᠷ ᠨᠢ ᠬᠠᠷᠢᠭᠤᠴᠠᠯᠭ᠎ᠠ ᠶᠢᠨ ᠤᠬᠠᠮᠰᠠᠷ ᠪᠣᠯᠤᠨ ᠲᠤᠯᠭᠠᠮ᠎ᠠ ᠰᠡᠳᠬᠢᠯᠭᠡ ᠪᠠᠨ ᠨᠡᠮᠡᠭᠳᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳ ᠭᠦᠢᠴᠡᠳᠬᠡᠵᠦ᠂ ᠡᠳᠦᠷ ᠲᠤᠳᠤᠮ ᠤᠨ ᠬᠢᠨᠠᠯᠲᠠ ᠲᠠᠯᠪᠢᠵᠤ ᠵᠢᠯᠣᠭᠤᠳᠬᠤ ᠠᠵᠢᠯ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠶᠡᠷᠦᠩᠬᠡᠶᠢᠯᠡᠨ ᠵᠠᠰᠠᠬᠤ ᠲᠤᠰᠬᠠᠶ ᠵᠦᠢᠯ ᠤᠨ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠠᠬᠢᠭᠤᠯᠵᠤ᠂ ᠡᠯ᠎ᠡ ᠣᠨ ᠤ ᠠᠬᠢᠴᠠ ᠶᠢᠨ ᠪᠠᠶᠢᠳᠠᠯ ᠢ ᠬᠢᠨᠠᠨ ᠬᠡᠮᠵᠢᠬᠦ ᠪᠠ ᠦᠨᠡᠯᠡᠨ ᠵᠢᠱᠢᠬᠦ ᠶᠢ ᠴᠢᠩᠭᠠᠳᠬᠠᠨ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠲᠤᠨᠢ ᠣᠯᠵᠤ ᠮᠡᠳᠡᠬᠦ ᠪᠠ ᠰᠢᠢᠳᠪᠦᠷᠢᠯᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠡᠯ᠎ᠡ ᠵᠦᠢᠯ ᠤᠨ ᠡᠭᠦᠷᠭᠡ ᠪᠠᠨ ᠬᠤᠭᠤᠴᠠᠭ᠎ᠠ ᠶᠣᠰᠣᠭᠠᠷ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃       ᠲᠢᠩᠬᠢᠮ ᠪᠠᠶᠢᠭᠤᠯᠤᠯᠭ᠎ᠠ ᠶᠢᠨ ᠡᠯ᠎ᠡ ᠬᠠᠮᠢᠶ᠎ᠠ ᠪᠥᠬᠦᠶ ᠭᠠᠵᠠᠷ ᠬᠡᠷ ᠤᠨ ᠬᠠᠷᠢᠭᠤᠴᠠᠯᠭᠠᠲᠠᠨ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠤ᠂ ᠤᠯᠠᠭᠠᠨᠴᠠᠪ ᠬᠤᠲᠠ᠂ ᠪᠠᠶᠠᠨᠨᠠᠭᠤᠷ ᠬᠤᠲᠠ᠂ ᠬᠥᠯᠥᠨ ᠪᠤᠶᠢᠷ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ︽ᠨᠢᠭᠡ ᠨᠠᠭᠤᠷ ᠬᠤᠶᠠᠷ ᠲᠡᠯᠡᠶ︾ ᠶᠢ ᠶᠡᠷᠦᠩᠬᠡᠶᠢᠯᠡᠨ ᠵᠠᠰᠠᠬᠤ ᠲᠤᠰᠬᠠᠶ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠥᠬᠦᠳ ᠠᠶᠢᠮᠠᠭ ᠬᠤᠲᠠ ᠶᠢᠨ ᠬᠤᠪᠢᠶᠠᠷᠢ ᠬᠤᠷᠠᠯ ᠤᠨ ᠲᠠᠯᠠᠪᠠᠶ ᠳᠤ ᠸᠢᠳᠢᠤ᠋ ᠬᠡᠯᠪᠡᠷᠢ ᠪᠠᠷ ᠬᠤᠷᠠᠯ ᠳᠤ ᠣᠷᠣᠯᠴᠠᠪᠠ᠃
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ