ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠮᠠᠨ ᠤ ᠣᠷᠣᠨ ᠤ ᠨᠢᠭᠡᠨᠲᠡ ᠪᠠᠶᠢᠭ᠎ᠠ ᠪᠠᠷᠢᠯᠭ᠎ᠠ ᠶᠢ ᠥᠭᠡᠷᠡᠴᠢᠯᠡᠨ ᠠᠰᠢᠭᠯᠠᠬᠤ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠲᠤᠷᠰᠢᠯᠲᠠ ᠶᠢᠨ ᠴᠢᠭ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/1/6
      ᠨᠢᠭᠡᠨᠲᠡ ᠪᠠᠶᠢᠭ᠎ᠠ ᠪᠠᠷᠢᠯᠭ᠎ᠠ ᠶᠢ ᠥᠭᠡᠷᠡᠴᠢᠯᠡᠨ ᠠᠰᠢᠭᠯᠠᠬᠤ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠬᠠᠮᠢᠶᠠᠷᠤᠯᠲᠠ ᠶᠢ ᠰᠠᠶᠢᠵᠢᠷᠠᠭᠤᠯᠤᠨ ᠲᠡᠭᠦᠯᠳᠡᠷᠵᠢᠭᠦᠯᠬᠦ ᠶᠢᠨ ᠲᠥᠯᠥᠭᠡ᠂ ᠬᠤᠲᠠ ᠶᠢᠨ ᠰᠢᠨᠡᠴᠢᠯᠡᠯᠲᠡ ᠶᠢᠨ ᠶᠠᠪᠤᠴᠠ ᠳᠤ ᠨᠢᠭᠡᠨᠲᠡ ᠪᠠᠶᠢᠭ᠎ᠠ ᠪᠠᠷᠢᠯᠭ᠎ᠠ ᠶᠢ ᠥᠭᠡᠷᠡᠴᠢᠯᠡᠨ ᠠᠰᠢᠭᠯᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠥᠷᠨᠢᠭᠦᠯᠬᠦ ᠶᠢ ᠠᠬᠢᠭᠤᠯᠬᠤ ᠶᠢᠨ ᠲᠦᠯᠦᠭᠡ᠂ 12 ᠳ᠋ᠤᠭᠠᠷ ᠰᠠᠷ᠎ᠠ ᠶᠢᠨ 29 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠵᠤᠷᠭᠠᠨ ᠤ ᠭᠠᠯ ᠤᠨᠲᠠᠷᠠᠭᠠᠬᠤ ᠭᠠᠵᠠᠷ ᠤᠨ ᠪᠠᠶᠢᠴᠠᠭᠠᠨ ᠰᠤᠳᠤᠯᠵᠤ ᠵᠢᠭᠠᠨ ᠵᠢᠯᠣᠭᠤᠳᠬᠤ ᠳᠤᠭᠤᠶᠢᠯᠠᠩ ᠤᠨ ᠬᠢᠨ ᠮᠠᠨ ᠤ ᠣᠷᠣᠨ ᠤ ᠬᠥᠬᠡᠬᠤᠲᠠ ᠪᠠ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠨᠢᠭᠡᠨᠲᠡ ᠪᠠᠶᠢᠭ᠎ᠠ ᠪᠠᠷᠢᠯᠭ᠎ᠠ ᠶᠢ ᠥᠭᠡᠷᠡᠴᠢᠯᠡᠨ ᠠᠰᠢᠭᠯᠠᠬᠤ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠲᠤᠷᠰᠢᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠯᠢᠦ ᠵᠢᠶᠠᠨ ᠬᠤᠸᠠ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠵᠦ᠂ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃
aa.jpg
      ᠪᠠᠶᠢᠴᠠᠭᠠᠨ ᠰᠤᠳᠤᠯᠵᠤ ᠵᠢᠭᠠᠨ ᠵᠢᠯᠣᠭᠤᠳᠬᠤ ᠳᠤᠭᠤᠶᠢᠯᠠᠩ ᠤᠨ ᠬᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶᠠᠨ ᠤ ᠨᠠᠰᠤᠲᠠᠶᠢᠴᠤᠳ ᠤᠨ ᠡᠪᠡᠳᠴᠢᠨ ᠢ ᠣᠨᠣᠰᠢᠯᠠᠨ ᠡᠮᠨᠡᠬᠦ ᠲᠥᠪ᠂ ᠤᠯᠠᠭᠠᠨᠴᠠᠪ ᠬᠤᠲᠠ ᠶᠢᠨ ᠵᠠᠮ ᠬᠠᠷᠢᠯᠴᠠᠭᠠᠨ ᠤ ᠶᠡᠷᠦᠩᠬᠡᠶᠢᠯᠡᠭᠰᠡᠨ ᠠᠯᠪᠠᠨ ᠠᠰᠠᠷ᠂ ᠤᠯᠠᠭᠠᠨᠴᠠᠪ ᠬᠤᠲᠠ ᠶᠢᠨ ᠴᠠᠬᠢᠯᠭᠠᠨ ᠤ ᠦᠢᠯᠡᠰ ᠤᠨ ᠲᠣᠪᠴᠢᠶ᠎ᠠ ᠶᠢᠨ ᠲᠤᠬᠢᠷᠠᠭᠤᠯᠤᠯᠳᠠ ᠶᠢᠨ ᠲᠣᠮᠣ ᠠᠰᠠᠷ ᠵᠡᠷᠭᠡ ᠨᠢᠭᠡᠨᠲᠡ ᠪᠠᠶᠢᠭ᠎ᠠ ᠪᠠᠷᠢᠯᠭ᠎ᠠ ᠶᠢ ᠥᠭᠡᠷᠡᠴᠢᠯᠡᠨ ᠠᠰᠢᠭᠯᠠᠬᠤ ᠲᠤᠷᠰᠢᠯᠲᠠ ᠶᠢᠨ ᠴᠢᠭ ᠤᠨ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠢ ᠲᠤᠬᠠᠶ ᠶᠢᠨ ᠲᠠᠯᠠᠪᠠᠶ ᠳᠤ ᠲᠣᠭᠤᠷᠢᠨ ᠦᠵᠡᠪᠡ᠃ ᠡᠭᠦᠨ ᠤ ᠬᠠᠮᠲᠤ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠂ ᠬᠥᠬᠡᠬᠤᠲᠠ ᠵᠢᠴᠢ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠨᠢᠭᠡᠨᠲᠡ ᠪᠠᠶᠢᠭ᠎ᠠ ᠪᠠᠷᠢᠯᠭ᠎ᠠ ᠶᠢ ᠥᠭᠡᠷᠡᠴᠢᠯᠡᠨ ᠠᠰᠢᠭᠯᠠᠵᠤ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠲᠤᠷᠰᠢᠯᠲᠠ ᠶᠢᠨ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃
aa1.jpg
      ᠪᠠᠶᠢᠴᠠᠭᠠᠨ ᠰᠤᠳᠤᠯᠵᠤ ᠵᠢᠭᠠᠨ ᠵᠢᠯᠣᠭᠤᠳᠬᠤ ᠳᠤᠭᠤᠶᠢᠯᠠᠩ ᠨᠢ ᠮᠠᠨ ᠤ ᠣᠷᠣᠨ ᠤ ᠨᠢᠭᠡᠨᠲᠡ ᠪᠠᠶᠢᠭ᠎ᠠ ᠪᠠᠷᠢᠯᠭ᠎ᠠ ᠶᠢ ᠥᠭᠡᠷᠡᠴᠢᠯᠡᠨ ᠠᠰᠢᠭᠯᠠᠵᠤ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠪᠠᠶᠢᠴᠠᠭᠠᠬᠤ ᠲᠤᠷᠰᠢᠯᠲᠠ ᠶᠢᠨ ᠠᠵᠢᠯ ᠤᠨ ᠣᠯᠤᠭᠰᠠᠨ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠭᠡᠯ ᠢ ᠭᠦᠢᠴᠡᠳ ᠨᠤᠲᠠᠯᠠᠬᠤ ᠶᠢᠨ ᠬᠠᠮᠲᠤ᠂ ᠲᠠᠷᠠᠭᠠᠴᠢ ᠶᠢᠨ ᠠᠯᠬᠤᠮ ᠤᠨ ᠠᠵᠢᠯ ᠳᠤ ᠵᠢᠯᠣᠭᠤᠳᠬᠤ ᠰᠠᠨᠠᠯ ᠪᠠ ᠪᠣᠳᠠᠲᠠᠶ ᠱᠠᠭᠠᠷᠳᠠᠯᠭ᠎ᠠ ᠳᠤᠷᠠᠳᠪᠠ᠃       ᠪᠠᠶᠢᠴᠠᠭᠠᠨ ᠰᠤᠳᠤᠯᠵᠤ ᠵᠢᠭᠠᠨ ᠵᠢᠯᠣᠭᠤᠳᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠬᠠᠤᠯᠢᠵᠢᠯ ᠤᠨ ᠰᠡᠳᠬᠢᠬᠦᠢ ᠪᠠᠷ ᠨᠢᠭᠡᠨᠲᠡ ᠪᠠᠶᠢᠭ᠎ᠠ ᠪᠠᠷᠢᠯᠭ᠎ᠠ ᠶᠢ ᠥᠭᠡᠷᠡᠴᠢᠯᠡᠨ ᠠᠰᠢᠭᠯᠠᠬᠤ ᠠᠵᠢᠯ ᠢ ᠥᠷᠨᠢᠭᠦᠯᠬᠦ ᠶᠢ ᠪᠠᠷᠢᠮᠲᠠᠯᠠᠵᠤ᠂ ᠭᠠᠯ ᠤᠨᠲᠠᠷᠠᠭᠠᠬᠤ ᠠᠮᠤᠷ ᠲᠦᠪᠰᠢᠨ ᠢᠶᠠᠷ ᠬᠤᠷᠢᠭ᠎ᠠ ᠱᠤᠭᠤᠮ ᠪᠣᠯᠭᠠᠵᠤ᠂ ᠰᠢᠨ᠎ᠡ ᠬᠠᠭᠤᠴᠢᠨ ᠤ ᠵᠢᠷᠤᠮᠵᠢᠯ ᠢ ᠵᠣᠯᠭᠠᠭᠤᠯᠬᠤ ᠶᠠᠪᠤᠴᠠ ᠳᠠᠬᠢ ᠠᠰᠠᠭᠤᠳᠠᠯ ᠢ ᠢᠳᠡᠪᠬᠢᠲᠡᠢ ᠰᠢᠢᠳᠪᠦᠷᠢᠯᠡᠬᠦ ᠬᠡᠷᠡᠭᠲᠡᠢ᠃ ᠣᠷᠣᠯᠴᠠᠬᠤ ᠬᠡᠪᠴᠢᠶ᠎ᠡ ᠪᠠᠨ ᠥᠷᠭᠡᠳᠬᠡᠵᠦ᠂ ᠨᠠᠷᠢᠨ ᠨᠢᠭᠲᠠ ᠨᠤᠲᠠᠯᠠᠯᠲᠠ ᠬᠢᠵᠦ᠂ ᠪᠦᠬᠦ ᠲᠠᠯ᠎ᠠ ᠪᠠᠷ ᠦᠨᠡᠯᠡᠨ ᠵᠢᠱᠢᠵᠦ᠂ ᠪᠣᠳᠠᠲᠠᠶ ᠮᠡᠷᠭᠡᠵᠢᠯ ᠤᠨ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠴᠢᠩᠭ᠎ᠠ ᠨᠢᠮᠪᠠᠶ ᠲᠣᠭᠲᠠᠭᠠᠵᠤ᠂ ᠪᠠᠷᠢᠯᠭ᠎ᠠ ᠶᠢᠨ ᠲᠦᠷᠦᠯ ᠢᠯᠭᠠᠯ᠂ ᠪᠠᠷᠢᠯᠭ᠎ᠠ ᠶᠢᠨ ᠲᠥᠬᠦᠭᠡᠷᠦᠮᠵᠢ ᠵᠡᠷᠭᠡ ᠶᠢᠨ ᠬᠤᠪᠢᠶᠠᠷᠢᠯᠠᠯ ᠳᠤ ᠵᠥᠷᠢᠶ᠎ᠡ ᠲᠠᠢ  ᠰᠢᠢᠳᠪᠦᠷᠢᠯᠡᠬᠦ ᠶᠢ ᠬᠡᠷᠡᠭᠵᠢᠭᠦᠯᠵᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠶ᠃ ᠵᠣᠭᠰᠣᠴᠠ ᠪᠠᠨ ᠳᠡᠭᠡᠭᠰᠢᠯᠡᠭᠦᠯᠵᠦ᠂ ᠠᠰᠠᠭᠤᠳᠠᠯ ᠢ ᠦᠨᠡᠨᠬᠦ ᠡᠵᠡᠮᠰᠢᠵᠦ ᠂ ᠬᠡᠮ ᠰᠣᠭᠤᠭ ᠢ ᠨᠢ ᠣᠨᠣᠪᠴᠢᠲᠠᠢ ᠡᠷᠢᠵᠦ᠂ ᠤᠯᠠᠨ ᠲᠦᠮᠡᠨ ᠳᠤ ᠪᠣᠳᠠᠲᠠᠢ ᠶᠠᠪᠤᠳᠠᠯ ᠰᠠᠶᠢᠨ ᠶᠠᠪᠤᠳᠠᠯ ᠬᠢᠵᠦ ᠥᠭᠬᠦ ᠬᠡᠷᠡᠭᠲᠡᠢ ᠭᠡᠵᠡᠢ᠃
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ