ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠢᠯ  ᠤᠨ ᠣᠷᠣᠯᠠᠨ ᠪᠠᠶᠢᠭᠤᠯᠬᠤ ᠲᠥᠪ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/1/6
      1 ᠳ᠋ᠤᠭᠡᠷ ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠢᠩᠬᠢᠮ ᠤᠨ ᠳᠡᠳ᠋ ᠳᠠᠷᠤᠭ᠎ᠠ ᠵᠠᠩ ᠾᠧ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠳᠥᠯᠭᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠪᠦ᠋ ᠯᠢᠶᠠᠨ ᠬᠠᠶ᠂ ᠥᠪᠡᠷᠲᠡᠭᠡᠨ ᠵᠠᠰᠠᠬᠤ ᠣᠷᠣᠨ ᠤ ᠣᠷᠣᠯᠠᠨ ᠪᠥᠲᠥᠭᠡᠨ ᠪᠠᠶᠢᠭᠤᠯᠬᠤ ᠲᠥᠪ ᠤᠨ ᠬᠠᠷᠢᠭᠤᠴᠠᠯᠭᠠᠲᠠᠨ ᠸᠠᠩ ᠸᠧᠨ ᡁᠢ ᠵᠢᠴᠢ ᠬᠠᠮᠢᠶ᠎ᠠ ᠪᠥᠬᠦᠶ ᠬᠥᠮᠦᠰ ᠬᠤᠷᠠᠯ ᠳᠤ ᠣᠷᠣᠯᠴᠠᠵᠠᠶ᠃
qq.jpg
      ᠪᠦ᠋ ᠯᠢᠶᠠᠨ ᠬᠠᠶ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠢ ᠲᠥᠯᠥᠭᠡᠯᠡᠨ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠳᠤ ᠰᠠᠨᠠᠭᠤᠯᠭ᠎ᠠ ᠳᠤᠷᠠᠳᠤᠭᠰᠠᠨ ᠪᠥᠭᠡᠳ ᠵᠢᠭᠠᠵᠤ ᠭᠠᠷᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠣᠷᠣᠯᠠᠨ ᠪᠥᠲᠥᠭᠡᠨ ᠪᠠᠶᠢᠭᠤᠯᠬᠤ ᠲᠥᠪ ᠤᠨ ᠪᠥᠬᠦ ᠬᠦᠴᠦᠨ ᠤ ᠠᠬᠢᠭᠤᠯᠤᠯ ᠳᠣᠤᠷ᠎ᠠ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠡᠯ᠎ᠡ ᠵᠦᠢᠯ ᠤᠨ ᠠᠵᠢᠯ ᠨᠢᠭᠡᠨᠲᠡ ᠰᠢᠪᠲᠤᠯᠤᠯᠲᠠ ᠶᠢᠨ ᠴᠢᠨᠠᠷᠲᠠᠶ ᠠᠬᠢᠴᠠ ᠲᠠᠢ ᠪᠣᠯᠪᠠ᠃ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠬᠢᠭᠡᠳ ᠥᠪᠡᠷᠲᠡᠭᠡᠨ ᠵᠠᠰᠠᠬᠤ ᠣᠷᠣᠨ ᠤ ᠣᠷᠣᠯᠠᠨ ᠪᠠᠶᠢᠭᠤᠯᠬᠤ ᠲᠥᠪ ᠨᠢᠭᠲᠠ ᠬᠠᠮᠵᠢᠯᠴᠠᠨ᠂ ᠵᠢᠷᠤᠭ ᠲᠥᠯᠥᠪᠯᠡᠭᠡ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠯ᠎ᠡ ᠵᠦᠢᠯ ᠤᠨ ᠬᠡᠷᠡᠭᠯᠡᠭᠡᠨ ᠤ ᠴᠢᠳᠠᠮᠵᠢ ᠶᠢ ᠬᠠᠩᠭᠠᠵᠤ᠂ ᠬᠤᠶᠠᠷ ᠲᠥᠷᠥᠯ ᠵᠦᠢᠯ ᠤᠨ ᠵᠢᠷᠤᠭ ᠲᠥᠯᠥᠪᠯᠡᠭᠡ ᠵᠢᠴᠢ ᠳᠠᠭᠠᠭᠠᠴᠢᠯᠠᠯᠲᠠ ᠵᠠᠷᠯᠠᠬᠤ ᠠᠵᠢᠯ ᠢ ᠬᠠᠮᠲᠤᠪᠠᠷ ᠰᠠᠶᠢᠲᠤᠷ ᠬᠢᠨ᠎ᠡ ᠭᠡᠪᠡ᠃       ᠵᠠᠩ ᠾᠧ᠂ ᠥᠪᠡᠷᠲᠡᠭᠡᠨ ᠵᠠᠰᠠᠬᠤ ᠣᠷᠣᠨ ᠤ ᠣᠷᠣᠯᠠᠨ ᠪᠠᠶᠢᠭᠤᠯᠬᠤ ᠲᠥᠪ ᠤᠨ ᠬᠢᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠡᠯ᠎ᠡ ᠵᠦᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠡᠷᠡᠭᠯᠡᠬᠦ ᠨᠢᠭᠡᠴᠡ ᠶᠢ ᠬᠠᠮᠵᠢᠨ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠵᠢᠷᠤᠭ ᠲᠥᠯᠥᠪᠯᠡᠭᠡ ᠶᠢᠨ ᠤᠯᠤᠯᠴᠠᠭ᠎ᠠ ᠶᠢ ᠰᠠᠶᠢᠲᠤᠷ ᠬᠢᠵᠦ᠂ ᠲᠦᠷᠦᠯ ᠵᠦᠢᠯ ᠤᠨ ᠳᠠᠭᠠᠭᠠᠴᠢᠯᠠᠯᠲᠠ ᠵᠠᠷᠯᠠᠬᠤ ᠶᠢ ᠬᠢᠵᠠᠭᠠᠷᠯᠠᠵᠤ ᠪᠠᠶᠢᠭ᠎ᠠ ᠡᠯ᠎ᠡ ᠵᠦᠢᠯ ᠤᠨ ᠬᠦᠴᠦᠨ ᠵᠦᠢᠯ ᠢ ᠰᠢᠢᠳᠪᠦᠷᠢᠯᠡᠬᠦ ᠶᠢ ᠠᠬᠢᠭᠤᠯᠵᠤ᠂ ᠬᠤᠶᠠᠷ ᠲᠦᠷᠦᠯ ᠵᠦᠢᠯ ᠢ ᠵᠢᠷᠤᠵᠤ ᠲᠥᠯᠥᠪᠯᠡᠬᠦ᠂ ᠪᠦᠳᠦᠭᠡᠨ ᠪᠠᠶᠢᠭᠤᠯᠬᠤ ᠰᠢᠨ᠎ᠡ ᠠᠷᠭ᠎ᠠ ᠬᠡᠮᠵᠢᠶ᠎ᠡ ᠰᠢᠨ᠎ᠡ ᠠᠷᠭ᠎ᠠ ᠵᠠᠮ ᠢ ᠰᠤᠳᠤᠯᠤᠨ ᠰᠦᠪᠡᠭᠴᠢᠯᠡᠵᠦ᠂ ᠲᠦᠷᠦᠯ ᠵᠦᠢᠯ ᠢ ᠲᠥᠯᠥᠪᠯᠡᠭᠡ ᠶᠣᠰᠣᠭᠠᠷ ᠡᠷᠲᠡᠬᠡᠨ ᠠᠵᠢᠯ ᠡᠬᠢᠯᠡᠭᠦᠯᠦᠨ ᠪᠦᠳᠦᠭᠡᠨ ᠪᠠᠶᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ