ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠩᠨᠡᠭᠡ ᠶᠢᠨ ︽ᠬᠤᠤᠰ ᠠᠷᠪᠠᠨ ᠰᠢᠯᠢᠳᠡᠭ︾ ᠢ ᠰᠢᠯᠭᠠᠷᠠᠭᠤᠯᠤᠨ ᠬᠥᠬᠢᠭᠦᠯᠵᠦ ᠰᠣᠩᠭᠤᠭᠳᠠᠬᠤ ᠪᠠᠷ ᠪᠠᠶᠢᠭ᠎ᠠ ᠡᠲᠡᠭᠡᠳ ︵ᠨᠥᠬᠦᠪᠥᠷᠢᠯᠡᠬᠦ︶ ᠢ ᠢᠯᠡ ᠨᠡᠶᠢᠲᠡᠯᠡᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2022/1/9
      ᠪᠥᠬᠦ ᠣᠷᠣᠨ ᠤ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠡᠩᠨᠡᠭᠡ ᠶᠢᠨ ︽ᠬᠤᠤᠰ ᠠᠷᠪᠠᠨ ᠰᠢᠯᠢᠳᠡᠭ︾ ᠢ ᠰᠢᠯᠭᠠᠷᠠᠭᠤᠯᠤᠨ ᠬᠥᠬᠢᠭᠦᠯᠬᠦ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠨᠢ 2021 ᠣᠨ ᠤ 10 ᠳ᠋ᠤᠭᠠᠷ ᠰᠠᠷ᠎ᠠ ᠶᠢᠨ 27 ᠤ ᠡᠳᠦᠷ ︽ᠬᠤᠤᠰ ᠠᠷᠪᠠᠨ ᠰᠢᠯᠢᠳᠡᠭ︾ ᠢ ᠰᠢᠯᠭᠠᠷᠠᠭᠤᠯᠤᠨ ᠬᠥᠬᠢᠭᠦᠯᠬᠦ ᠪᠠᠷ ᠰᠣᠩᠭᠤᠭᠳᠠᠭᠰᠠᠳ ᠢ ᠵᠠᠷᠯᠠᠨ ᠨᠡᠶᠢᠲᠡᠯᠡᠪᠡ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠬᠢᠨᠠᠨ ᠶᠠᠷᠢᠯᠴᠠᠭᠰᠠᠨ ᠤ ᠳᠠᠷᠠᠭ᠎ᠠ᠂ ᠡᠯ᠎ᠡ ᠠᠶᠢᠮᠠᠭ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠰᠠᠨᠠᠯ ᠢ ᠬᠤᠷᠢᠶᠠᠵᠤ᠂ ᠲᠦᠩᠯᠢᠶᠣᠤ ᠬᠤᠲᠠ ᠶᠢᠨ ᠬᠤᠤᠯᠢᠨ ᠭᠤᠤᠯ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠪᠣᠷᠣ ᠬᠤᠵᠢᠷ ᠬᠤᠪᠢᠶᠠᠷᠢ ᠲᠣᠪᠴᠢᠶ᠎ᠠ ᠶᠢᠨ ᠳᠠᠷᠤᠭ᠎ᠠ ᠵᠠᠩ ᠰᠢᠶᠠ ᠶᠢ ︽ᠬᠤᠤᠰ ᠠᠷᠪᠠᠨ ᠰᠢᠯᠢᠳᠡᠭ︾ ᠢᠶᠠᠷ ᠨᠦᠬᠦᠪᠦᠷᠢᠯᠡᠨ ᠰᠤᠩᠭᠤᠬᠤ ᠪᠠᠷ ᠪᠣᠶ᠂ ᠣᠲᠣ ᠵᠠᠷᠯᠠᠨ ᠨᠠᠶᠢᠳᠡᠯᠡᠶ᠎ᠡ᠃       ᠨᠢᠭᠡ᠂ ᠢᠯᠡ ᠨᠡᠶᠢᠲᠡᠯᠡᠬᠦ ᠴᠠᠭ       ᠵᠠᠷᠯᠠᠨ ᠨᠡᠶᠢᠲᠡᠯᠡᠬᠦ ᠴᠠᠭ ᠨᠢ 2022 ᠣᠨ ᠤ 1 ᠳ᠋ᠤᠭᠡᠷ ᠰᠠᠷ᠎ᠠ ᠶᠢᠨ 7 ᠤ ᠡᠳᠦᠷ ᠠᠴᠠ 2022 ᠣᠨ ᠤ 1 ᠳ᠋ᠤᠭᠡᠷ ᠰᠠᠷ᠎ᠠ ᠶᠢᠨ 13 ᠤ ᠡᠳᠦᠷ ᠪᠣᠯᠲᠠᠯ᠎ᠠ       ᠬᠤᠶᠠᠷ᠂ ᠬᠦᠯᠢᠶᠡᠨ ᠠᠪᠴᠤ ᠰᠢᠢᠳᠪᠦᠷᠢᠯᠡᠬᠦ ᠠᠷᠭ᠎ᠠ ᠬᠡᠯᠪᠡᠷᠢ       ᠨᠢᠭᠡᠴᠡ ᠪᠣᠯᠤᠨ ᠬᠤᠪᠢ ᠬᠥᠮᠦᠨ  ᠰᠤᠷᠪᠤᠯᠵᠢᠯᠠᠭ᠎ᠠ᠂ ᠵᠠᠬᠢᠳᠠᠯ᠂ ᠤᠲᠠᠰᠤ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠭᠰᠡᠨ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠣᠯᠤᠨ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠥᠬᠦᠶ ᠰᠦᠪᠡᠭᠴᠢ ᠵᠢᠴᠢ ᠲᠣᠰ ᠬᠥᠮᠦᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠬᠡᠯᠪᠡᠷᠢ ᠪᠤᠶᠤ ᠠᠵᠢᠯᠯᠠᠵᠤ ᠪᠠᠶᠢᠭ᠎ᠠ ᠨᠢᠭᠡᠴᠢ ᠵᠡᠷᠭᠡ ᠮᠡᠳᠡᠭᠡ ᠵᠠᠩᠭᠢ ᠶᠢ ᠬᠠᠩᠭᠠᠭᠠᠷᠠᠶ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠭᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠲᠤᠰᠬᠠᠨ᠎ᠠ᠃       ᠭᠤᠷᠪᠠ᠂ ᠬᠦᠯᠢᠶᠡᠨ ᠠᠪᠬᠤ ᠴᠠᠭ       ᠠᠵᠢᠯᠯᠠᠬᠤ ᠡᠳᠦᠷ᠄ ᠦᠳᠡ ᠶᠢᠨ ᠡᠮᠦᠨ᠎ᠡ 9᠄ 00 — 12᠄ 00᠂       ᠦᠳᠡ ᠶᠢᠨ ᠬᠤᠶᠢᠨ᠎ᠠ 14᠄ 30 — 17᠄ 30       ᠳᠥᠷᠪᠡ᠂ ᠬᠦᠯᠢᠶᠡᠨ ᠠᠪᠬᠤ ᠤᠲᠠᠰᠤ       ︵0471︶ 6577566᠂ 6945046 ︵ᠬᠤᠳᠠ ᠶᠢᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠣᠪᠴᠢᠶ᠎ᠠ︶︔       ︵0471︶ 6945132 ︵ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ︶       ᠣᠨᠴᠠᠭᠠᠶᠢᠯᠠᠨ ᠵᠠᠷᠯᠠᠪᠠ       ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ‌‍ᠪᠠᠶᠢᠭᠤᠯᠤᠯᠳᠠ ᠶᠢᠨ ᠲᠢᠩᠬᠢᠮ       2022 ᠣᠨ ᠤ 1 ᠳ᠋ᠤᠭᠡᠷ ᠰᠠᠷ᠎ᠠ ᠶᠢᠨ 7 ᠤ ᠡᠳᠦᠷ
ᠢᠷᠡᠯᠲᠡ᠄ ᠦᠪᠡᠷᠳᠡᠭᠡᠨ ᠵᠠᠰᠠᠬᠤ ᠤᠷᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ