︽ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠵᠡᠷᠭᠡ 8 ᠰᠠᠯᠠᠭ᠎ᠠ ᠮᠥᠴᠢᠷ ᠤᠨ ᠬᠡᠷ ᠪᠠᠶᠢᠰᠢᠩ ᠭᠠᠵᠠᠷ | ᠬᠥᠷᠥᠩᠭᠡ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠦᠷᠭᠦᠯᠵᠢᠯᠡᠨ ᠴᠡᠭᠴᠡᠯᠡᠨ ᠵᠠᠰᠠᠵᠤ ᠵᠢᠷᠤᠮᠵᠢᠭᠤᠯᠬᠤ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠷᠦᠶ ᠬᠤᠷᠤᠶ ᠥᠬᠡᠶ ᠦᠵᠡᠭᠳᠡᠯ ᠢ ᠴᠡᠭᠴᠡᠯᠡᠨ | ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠴᠡᠭᠴᠡᠯᠡᠨ ᠵᠠᠰᠠᠬᠤ ᠡᠷᠴᠢᠮ ᠢᠶᠠᠨ | ᠴᠢᠩᠭᠠᠷᠠᠭᠤᠯᠤᠨ᠂ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠪᠠ᠃ | | ᠠᠵᠢᠯ ᠤᠨ ᠲᠤᠰᠬᠠᠶ ᠠᠩᠭᠢ ᠪᠠᠶᠢᠭᠤᠯᠬᠤ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠬᠢᠭᠡᠳ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠠᠩᠬᠢ ᠳᠠᠭᠠᠳᠬᠠᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠢᠨᠲ᠋ᠤᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠬᠠᠮᠲᠤᠷᠠᠨ ︽︿ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ | ᠳᠡᠯᠭᠡᠭᠦᠷ ᠤᠨ ᠡᠮᠬᠢ ᠳᠢᠭᠯᠢᠮ ᠢ ᠦᠷᠭᠦᠯᠵᠢᠯᠡᠨ ᠴᠡᠭᠴᠡᠯᠡᠨ ᠵᠢᠷᠤᠮᠵᠢᠭᠤᠯᠬᠤ ᠲᠤᠬᠠᠶ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠶᠠᠮᠤᠨ ᠵᠡᠷᠭᠡ 8 ᠰᠠᠯᠠᠭ᠎ᠠ ᠮᠥᠴᠢᠷ ᠤᠨ ᠮᠡᠳᠡᠭᠳᠡᠯ﹀ ᠢ ᠤᠯᠠᠮᠵᠢᠯᠠᠨ ᠲᠠᠷᠬᠠᠭᠠᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ ᠬᠡᠷ ᠪᠠᠶᠢᠰᠢᠩ ᠭᠠᠵᠠᠷ | ᠬᠥᠷᠥᠩᠭᠡ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠴᠡᠭᠴᠡᠯᠡᠨ ᠵᠠᠰᠠᠵᠤ ᠵᠢᠷᠤᠮᠵᠢᠭᠤᠯᠬᠤ ᠠᠵᠢᠯ ᠤᠨ ᠲᠤᠰᠬᠠᠶ ᠠᠩᠭᠢ ᠶᠢ ᠪᠠᠶᠢᠭᠤᠯᠵᠤ᠂ ᠮᠡᠳᠡᠭᠡ ᠵᠠᠩᠭᠢ ᠶᠢ | ᠬᠠᠮᠲᠤᠪᠠᠷ ᠭᠥᠷᠳᠡᠬᠦ ᠲᠣᠭᠲᠠᠴᠠ ᠶᠢ ᠪᠠᠶᠢᠭᠤᠯᠤᠨ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠲᠤᠰᠬᠠᠶᠢᠯᠠᠨ ᠴᠡᠭᠴᠡᠯᠡᠨ | ᠵᠠᠰᠠᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ | ᠴᠡᠭᠴᠡᠯᠡᠨ ᠵᠠᠰᠠᠬᠤ ᠭᠤᠣᠯᠳᠠᠯᠭ᠎ᠠ ᠶᠢ ᠳᠤᠪᠤᠶᠢᠯᠭᠠᠬᠤ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠬᠤ ᠠᠵᠢᠯ ᠤᠨ | ᠲᠥᠰᠦᠯ ᠢ ᠲᠣᠭᠲᠠᠭᠠᠨ ᠳᠠᠷᠤᠮᠠᠯᠯᠠᠨ ᠲᠠᠷᠬᠠᠭᠠᠵᠤ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ 21 ᠲᠥᠷᠥᠯ᠂ ᠭᠡᠷ ᠪᠠᠶᠢᠰᠢᠩ | ᠭᠠᠵᠠᠷ ᠬᠥᠷᠥᠩᠭᠡ ᠶᠢᠨ ᠵᠠᠭᠤᠴᠢᠯᠠᠭᠤᠷ ᠤᠨ 15 ᠲᠥᠷᠥᠯ᠂ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ 10 ᠲᠥᠷᠥᠯ ᠵᠡᠷᠭᠡ ᠬᠠᠤᠯᠢ | ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠠᠩᠬᠠᠷᠴᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠬᠤᠳᠠᠯ | ᠬᠠᠭᠤᠷᠮᠠᠭ ᠢᠶᠠᠷ ᠤᠬᠠᠭᠤᠯᠤᠭᠰᠠᠨ᠂ ᠲᠣᠭᠲᠠᠭᠠᠯ ᠠᠴᠠ ᠵᠥᠷᠢᠴᠡᠨ ᠬᠡᠷ ᠪᠠᠶᠢᠰᠢᠩ ᠬᠤᠳᠠᠯᠳᠤᠭᠰᠠᠨ᠂ ᠰᠦᠢᠳᠭᠡᠯ ᠬᠤᠷᠢᠶᠠᠬᠤ ᠶᠢ ᠨᠡᠶᠢᠯᠡᠭᠦᠯᠦᠨ ᠬᠦᠯᠢᠭᠰᠡᠨ᠂ | ᠲᠣᠭᠲᠠᠭᠠᠯ ᠠᠴᠠ ᠵᠥᠷᠢᠴᠡᠨ ᠬᠡᠷ ᠪᠠᠶᠢᠰᠢᠩ ᠲᠤᠰᠢᠶᠠᠭᠰᠠᠨ ᠵᠡᠷᠭᠡ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠭᠤᠤᠯᠳᠠᠯᠭ᠎ᠠ ᠲᠠᠢ ᠴᠡᠭᠴᠡᠯᠡᠨ ᠵᠠᠰᠠᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠭᠤᠴᠢᠯᠠᠭᠤᠷ ᠤᠨ ᠬᠤᠳᠠᠯ ᠬᠠᠭᠤᠷᠮᠠᠭ | ᠬᠡᠷ ᠪᠠᠶᠢᠰᠢᠩ ᠤᠨ ᠢᠷᠡᠯᠲᠡ ᠶᠢ ᠨᠡᠶᠢᠲᠡᠯᠡᠭᠰᠡᠨ᠂ ︽ᠠᠷᠭ᠎ᠠ ᠪᠢᠯᠢᠭ ᠤᠨ ᠭᠡᠷ᠎ᠡ︾ ᠲᠣᠭᠲᠠᠭᠠᠭᠰᠠᠨ᠂ ᠲᠤᠬᠠᠶ ᠶᠢᠨ ᠭᠠᠵᠠᠷ ᠤᠨ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠤ ᠳᠠᠩᠰᠠᠯᠠᠭᠤᠯᠤᠭᠰᠠᠨ ᠥᠬᠡᠶ ᠪᠠᠷ ᠬᠡᠷ ᠪᠠᠶᠢᠰᠢᠩ ᠭᠠᠵᠠᠷ ᠬᠥᠷᠥᠩᠭᠡ ᠶᠢᠨ ᠵᠠᠭᠤᠴᠢᠯᠠᠭᠤᠷ ᠤᠨ ᠲᠤᠬᠠᠶᠢᠯᠠᠭᠰᠠᠨ ᠠᠵᠢᠯ ᠢ ᠡᠷᠭᠢᠯᠡᠭᠰᠡᠨ ᠵᠡᠷᠭᠡ ᠦᠢᠯᠡ | ᠠᠵᠢᠯᠯᠠᠭ᠎ᠠ ᠶᠢ ᠭᠤᠤᠯᠳᠠᠯᠭ᠎ᠠ ᠲᠠᠢ ᠴᠡᠭᠴᠡᠯᠡᠨ ᠵᠠᠰᠠᠵᠤ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ | ᠵᠠᠯᠬᠠᠭᠠᠨ ᠰᠢᠳᠬᠡᠬᠦ ᠡᠷᠴᠢᠮ ᠢᠶᠠᠨ ᠴᠢᠩᠭᠠᠷᠠᠭᠤᠯᠬᠤ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠵᠢᠯ ᠤᠨ ᠲᠦᠯᠬᠢᠨ ᠠᠬᠢᠭᠤᠯᠬᠤ ᠬᠤᠷᠠᠯ ᠢ ᠣᠯᠠᠨ ᠤᠳᠠᠭ᠎ᠠ ᠬᠤᠷᠠᠯᠳᠤᠭᠤᠯᠵᠤ᠂ ᠪᠠᠶᠢᠴᠠᠭᠠᠨ | ᠰᠤᠳᠤᠯᠬᠤ ᠳᠤᠭᠤᠶᠢᠯᠠᠩ ᠪᠠᠶᠢᠭᠤᠯᠤᠨ ᠭᠤᠤᠯᠳᠠᠯᠭ᠎ᠠ ᠲᠠᠢ ᠠᠶᠢᠮᠠᠭ ᠬᠤᠲᠠ ᠳᠤ ᠬᠦᠷᠴᠦ ᠪᠠᠶᠢᠴᠠᠭᠠᠨ ᠰᠤᠳᠤᠯᠵᠤ ᠬᠢᠨᠠᠨ ᠵᠢᠯᠣᠭᠤᠳᠴᠤ᠂ ᠲᠤᠰᠬᠠᠶ ᠴᠡᠭᠴᠡᠯᠡᠨ | ᠵᠠᠰᠠᠬᠤ ᠠᠬᠢᠴᠠ ᠶᠢᠨ ᠪᠠᠶᠢᠳᠠᠯ ᠢ ᠰᠠᠷ᠎ᠠ ᠰᠠᠷ᠎ᠠ ᠪᠠᠷ ᠳᠣᠭᠢᠷᠠᠭᠤᠯᠤᠨ᠂ ᠢᠯᠡᠷᠡᠭᠦᠯᠦᠭᠰᠡᠨ ᠡᠷᠦᠶ ᠬᠤᠷᠤᠶ ᠥᠬᠡᠶ ᠦᠵᠡᠭᠳᠡᠯ ᠤᠨ ᠠᠰᠠᠭᠤᠳᠠᠯ ᠢ ᠲᠥᠷᠥᠯ ᠬᠤᠪᠢᠶᠠᠨ | ᠡᠮᠬᠢᠯᠡᠨ ᠬᠤᠷᠢᠶᠠᠩᠭᠤᠶᠢᠯᠠᠵᠤ᠂ ᠡᠬᠡ ᠲᠠᠩᠰᠠ ᠪᠠᠶᠢᠭᠤᠯᠤᠨ᠂ ᠴᠠᠭ ᠲᠤᠬᠠᠶ ᠳᠤᠨᠢ ᠪᠠᠶᠢᠴᠠᠭᠠᠨ ᠰᠢᠢᠳᠪᠦᠷᠢᠯᠡᠪᠡ᠃ 2021 ᠣᠨ ᠳᠤ᠂ ᠪᠥᠬᠦ ᠣᠷᠣᠨ ᠳᠤ | ᠨᠡᠶᠢᠲᠡ 10403 ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ᠂ ᠵᠠᠭᠤᠴᠢᠯᠠᠭᠤᠷ ᠪᠠᠶᠢᠭᠤᠯᠤᠮᠵᠢ ᠪᠠ ᠠᠳᠠᠯ ᠠᠬᠤᠶ ᠶᠢᠨ | ᠦᠢᠯᠡᠴᠢᠯᠡᠭᠡᠨ ᠤ ᠠᠵᠤ ᠠᠬᠤᠶᠢᠯᠠᠯ᠂ 3804 ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠵᠦᠢᠯ᠂ 8679 ᠠᠳᠠᠯ ᠠᠬᠤᠶ ᠶᠢᠨ | ᠦᠢᠯᠡᠴᠢᠯᠡᠭᠡᠨ ᠤ ᠲᠥᠷᠥᠯ ᠵᠦᠢᠯ ᠢ ᠪᠠᠶᠢᠴᠠᠭᠠᠵᠤ᠂ 110 ᠡᠷᠦᠬᠡ ᠲᠠᠢ ᠪᠣᠯᠵᠣᠨ ᠶᠠᠷᠢᠯᠴᠠᠵᠤ᠂ 523 ᠡᠷᠦᠬᠡ ᠶᠢ ᠵᠠᠷᠯᠢᠭᠳᠠᠨ ᠴᠡᠭᠴᠡᠯᠡᠨ ᠰᠠᠶᠢᠵᠢᠷᠠᠭᠤᠯᠵᠤ᠂ | 231 ᠬᠤᠪᠢ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ 24 ᠠᠵᠤ ᠠᠬᠤᠶᠢᠯᠠᠯ ᠳᠤ ᠵᠠᠰᠠᠭ ᠵᠠᠬᠢᠷᠭᠠᠨ ᠤ ᠰᠢᠢᠳᠭᠡᠯ ᠥᠭᠴᠦ᠂ 4 ᠠᠵᠤ | ᠠᠬᠤᠶᠢᠯᠠᠯ ᠤᠨ ᠮᠠᠭᠤ ᠦᠢᠯᠡ ᠠᠵᠢᠯᠯᠠᠭ᠎ᠠ ᠶᠢ ᠢᠲᠡᠭᠡᠮᠵᠢ ᠶᠢᠨ ᠲᠠᠩᠰᠠ ᠡᠪᠬᠡᠮᠡᠯ ᠳᠤ ᠲᠡᠮᠳᠡᠭᠯᠡᠨ ᠣᠷᠣᠭᠤᠯᠵᠤ᠂ 36 ᠬᠠᠤᠯᠢ ᠲᠣᠭᠲᠠᠭᠠᠯ ᠠᠴᠠ ᠵᠥᠷᠢᠴᠡᠭᠰᠡᠨ | ᠠᠰᠠᠭᠤᠳᠠᠯ ᠢ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ ᠪᠠᠶᠢᠴᠠᠭᠠᠨ ᠰᠢᠢᠳᠪᠦᠷᠢᠯᠡᠭᠦᠯᠪᠡ᠃ | ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠬᠤ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠴᠡᠭᠴᠡᠯᠡᠨ ᠵᠢᠷᠤᠮᠵᠢᠭᠤᠯᠬᠤ ᠪᠠ ᠳᠦᠷᠢᠮ ᠤᠨ ᠪᠠᠶᠢᠭᠤᠯᠤᠯᠲᠠ ᠶᠢ ᠵᠡᠷᠭᠡ ᠪᠠᠷ ᠴᠢᠬᠤᠯᠠᠴᠢᠯᠠᠬᠤ᠂ | ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠪᠠ ᠡᠳᠦᠷ ᠲᠤᠲᠤᠮ ᠤᠨ ᠬᠢᠨᠠᠯᠲᠠ ᠲᠠᠯᠪᠢᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠬᠢᠨᠠᠯᠲᠠ | ᠬᠠᠮᠢᠶᠠᠷᠤᠯᠲᠠ ᠶᠢᠨ ᠪᠠᠭᠤᠷᠠᠶ ᠲᠠᠯ᠎ᠠ ᠪᠠ ᠠᠮᠠᠷᠬᠠᠨ ᠠᠰᠠᠭᠤᠳᠠᠯ ᠭᠠᠷᠬᠤ ᠲᠦᠭᠰᠢᠭᠦᠷᠢ ᠶᠢᠨ ᠴᠢᠭ ᠲᠤ ᠠᠩᠬᠠᠷᠤᠯ ᠢᠶᠠᠨ ᠲᠥᠪᠯᠡᠷᠡᠭᠦᠯᠵᠦ᠂ ᠭᠡᠷ ᠪᠠᠶᠢᠰᠢᠩ ᠭᠠᠵᠠᠷ | ᠭᠦᠷᠦᠩᠭᠡ ᠶᠢ ᠨᠡᠭᠡᠭᠡᠨ ᠠᠰᠢᠭᠯᠠᠬᠤ᠂ ᠤᠷᠢᠳᠴᠢᠯᠠᠨ ︵ᠪᠣᠷᠣᠯᠠᠭᠤᠯᠬᠤ︶ ᠬᠤᠳᠠᠯᠳᠤᠬᠤ᠂ ᠪᠠᠶᠢᠴᠠᠭᠠᠨ ᠪᠢᠲᠡᠭᠦᠮᠵᠢᠯᠡᠵᠦ ᠪᠠᠷᠢᠴᠠᠭᠠᠯᠠᠬᠤ᠂ ᠤᠷᠢᠳᠴᠢᠯᠠᠨ | ᠬᠤᠳᠠᠯᠳᠤᠬᠤ ᠪᠡᠯᠡ ᠮᠥᠩᠭᠦ ᠶᠢᠨ ᠬᠢᠨᠠᠨ ᠬᠠᠮᠢᠶᠠᠷᠤᠯᠳᠠ᠂ ᠰᠦᠯᠵᠢᠶᠡᠨ ᠳᠡᠭᠡᠷ᠎ᠡ ᠭᠠᠷ ᠤᠨ ᠦᠰᠦᠭ ᠵᠢᠷᠤᠵᠤ ᠳᠠᠩᠰᠠᠯᠠᠬᠤ᠂ ᠲᠤᠰᠢᠶᠠᠨ ᠥᠭᠴᠦ ᠬᠡᠷᠡᠭᠯᠡᠭᠦᠯᠬᠦ᠂ | ᠭᠡᠷ ᠪᠠᠶᠢᠰᠢᠩ ᠲᠦᠷᠢᠶᠡᠰᠦᠯᠡᠬᠦ ᠵᠡᠷᠭᠡ ᠲᠠᠯ᠎ᠠ ᠪᠠᠷ ᠲᠣᠳᠣᠷᠬᠠᠶ ᠱᠠᠭᠠᠷᠳᠠᠯᠭ᠎ᠠ ᠳᠤᠷᠠᠳᠴᠤ᠂ ᠲᠠᠸᠠᠷ ᠤᠨ ᠭᠡᠷ ᠪᠠᠶᠢᠰᠢᠩ ᠢ ᠨᠡᠭᠡᠭᠡᠨ ᠠᠰᠢᠭᠯᠠᠵᠤ ᠡᠵᠡᠩᠨᠡᠬᠦ | ᠠᠵᠢᠯᠯᠠᠭ᠎ᠠ ᠶᠢ ᠵᠢᠷᠤᠮᠵᠢᠭᠤᠯᠤᠨ᠂ ᠠᠷᠠᠯᠵᠢᠶᠠᠨ ᠤ ᠲᠦᠭᠰᠢᠭᠦᠷᠢ ᠶᠢ ᠰᠡᠷᠭᠡᠶᠢᠯᠡᠨ᠎ᠡ᠃ ᠢᠲᠡᠭᠡᠮᠵᠢ ᠪᠠᠷ ᠰᠠᠭᠤᠷᠢ ᠪᠣᠯᠭᠠᠭᠰᠠᠨ ᠬᠡᠷ ᠪᠠᠶᠢᠰᠢᠩ ᠭᠠᠵᠠᠷ ᠬᠥᠷᠥᠩᠭᠡ ᠶᠢᠨ | ᠰᠢᠨ᠎ᠡ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠳᠤ ᠬᠤᠯᠪᠣᠭᠠᠯᠠᠨ ᠪᠠᠶᠢᠴᠠᠭᠠᠨ ᠰᠢᠢᠳᠪᠤᠡᠶᠢᠯᠡᠬᠦ᠂ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠵᠦ᠂ ᠦᠨᠡᠨᠴᠢ ᠢᠲᠡᠭᠡᠮᠵᠢᠲᠡᠶ᠂ ᠬᠠᠤᠯᠢ | ᠶᠣᠰᠣᠭᠠᠷ ᠡᠵᠡᠩᠨᠡᠭᠰᠡᠨ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠵᠤ᠂ ᠪᠥᠬᠦ ᠣᠷᠣᠨ ᠤ ᠬᠡᠷ ᠪᠠᠶᠢᠰᠢᠩ | ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ |