ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠦᠨ᠎ᠡ ᠶᠢ ᠪᠤᠳᠤᠬᠤ ᠨᠢ ᠭᠤᠣᠯᠳᠠᠭᠤ ᠶᠠᠮᠠᠷ ᠶᠠᠮᠠᠷ ᠲᠠᠯ᠎ᠠ ᠶᠢᠨ ᠠᠵᠢᠯ ᠳᠤ ᠬᠤᠯᠪᠣᠭᠳᠠᠬᠤ ᠪᠣᠶ︖
ᠨᠡᠶᠢᠲᠡᠯᠡᠭᠰᠡᠨ ᠴᠠᠭ᠄
2022/11/21
    ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠦᠨ᠎ᠡ ᠶᠢ ᠪᠤᠳᠤᠬᠤ ᠭᠡᠳᠡᠭ ᠨᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢ ᠲᠣᠭᠲᠠᠭᠠᠬᠤ ᠪᠠ ᠡᠵᠡᠮᠳᠡᠬᠦ ᠠᠵᠢᠯᠯᠠᠭ᠎ᠠ ᠶᠢ ᠵᠢᠭᠠᠵᠤ ᠪᠠᠶᠢᠨ᠎ᠠ᠂ ᠡᠭᠦᠨ ᠳᠤ ᠭᠤᠣᠯᠳᠠᠭᠤ᠄    ︵ᠨᠢᠭᠡ︶ ᠪᠡᠯᠡ ᠣᠷᠣᠭᠤᠯᠤᠯᠲᠠ ᠶᠢ ᠪᠠᠷᠤᠭᠴᠠᠭᠠᠯᠠᠨ ᠪᠤᠳᠤᠬᠤ᠂ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢ ᠲᠦᠢᠮᠣᠴᠢᠯᠠᠨ ᠪᠣᠳᠣᠬᠤ᠂ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠲᠥᠰᠥᠪ᠂ ᠪᠠᠷᠢᠯᠭ᠎ᠠ ᠶᠢᠨ ᠬᠡᠮᠵᠢᠶ᠎ᠡ ᠶᠢᠨ ᠲᠣᠳᠣᠷᠬᠠᠢ ᠬᠠᠭᠤᠳᠠᠰᠤ᠂ ᠳᠠᠭᠠᠭᠠᠴᠢᠯᠠᠯᠲᠠ ᠵᠠᠷᠯᠠᠬᠤ ᠳᠤ ᠬᠢᠵᠠᠭᠠᠷᠯᠠᠬᠤ ᠦᠨ᠎ᠡ᠂ ᠳᠠᠭᠠᠭᠠᠴᠢᠯᠠᠯᠲᠠ ᠬᠦᠯᠢᠶᠡᠬᠦ ᠳᠤ ᠦᠨ᠎ᠡ ᠶᠢ ᠮᠡᠳᠡᠭᠦᠯᠬᠦ ᠵᠡᠷᠭᠡ ᠶᠢ ᠨᠠᠶᠢᠷᠠᠭᠤᠯᠤᠨ ᠵᠣᠬᠢᠶᠠᠬᠤ ᠪᠠ ᠬᠢᠨᠠᠨ ᠬᠠᠷᠭᠤᠭᠤᠯᠬᠤ    ︵ᠬᠤᠶᠠᠷ︶ ᠭᠡᠷ᠎ᠡ ᠶᠢᠨ ᠦᠨ᠎ᠡ ᠶᠢᠨ ᠵᠣᠭᠤᠰ ᠢ ᠪᠣᠯᠵᠣᠨ ᠲᠣᠭᠲᠠᠭᠠᠬᠤ ᠪᠠ ᠲᠤᠬᠢᠷᠠᠭᠤᠯᠬᠤ    ︵ᠭᠤᠷᠪᠠ︶ ᠪᠠᠷᠢᠯᠭ᠎ᠠ ᠶᠢᠨ ᠬᠡᠮᠵᠢᠯᠲᠡ ᠶᠢ ᠬᠡᠷᠡᠭᠵᠢᠭᠦᠯᠬᠦ ᠪᠠ ᠪᠠᠷᠢᠯᠭ᠎ᠠ ᠶᠢᠨ ᠦᠨ᠎ᠡ ᠶᠢᠨ ᠵᠣᠭᠤᠰ ᠢ ᠥᠭᠬᠦ    ︵ᠳᠥᠷᠪᠡ︶ ᠸᠢᠰᠠ ᠶᠢ ᠬᠤᠪᠢᠷᠠᠭᠤᠯᠬᠤ᠂ ᠪᠠᠷᠢᠯᠭ᠎ᠠ ᠶᠢᠨ ᠲᠥᠯᠥᠪᠦᠷᠢ ᠨᠡᠬᠡᠬᠦ᠂ ᠪᠠᠷᠢᠯᠭ᠎ᠠ ᠶᠢ ᠳ᠋ᠦᠩᠨᠡᠨ ᠪᠤᠳᠤᠬᠤ ᠪᠠ ᠲᠥᠰᠥᠪ ᠤᠨ ᠭᠦᠢᠴᠡᠳᠬᠡᠯ ᠢ ᠭᠦᠢᠴᠡᠳᠬᠡᠬᠦ    ︵ᠲᠠᠪᠤ︶ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢᠨ ᠮᠠᠷᠭᠤᠯᠳᠤᠭᠠᠨ ᠢ ᠰᠢᠢᠳᠪᠦᠷᠢᠯᠡᠬᠦ ᠪᠠ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢ ᠬᠢᠨᠠᠨ ᠲᠣᠭᠲᠠᠭᠠᠬᠤ    ︵ᠵᠢᠷᠭᠤᠭ᠎ᠠ︶ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠶᠢᠭᠤᠯᠤᠭᠰᠠᠨ ᠦᠨ᠎ᠡ ᠶᠢ ᠪᠤᠳᠤᠬᠤ ᠯᠤᠭ᠎ᠠ ᠬᠤᠯᠪᠣᠭᠳᠠᠬᠤ ᠪᠤᠰᠤᠳ ᠠᠵᠢᠯᠯᠠᠭ᠎ᠠ ᠨᠤᠭᠤᠳ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ