ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠬᠡᠪᠴᠢᠶᠡᠨ ᠳᠠᠬᠢ ᠤᠰᠤ ᠬᠠᠩᠭᠠᠬᠤ᠂ ᠴᠠᠬᠢᠯᠭᠠᠨ ᠬᠠᠩᠭᠠᠬᠤ᠂ ᠢᠯᠴᠢ ᠬᠠᠩᠭᠠᠬᠤ᠂ ᠬᠡᠢ ᠬᠠᠩᠭᠠᠬᠤ᠂ ᠴᠢᠮᠡᠭᠡ ᠬᠤᠯᠪᠣᠭ᠎ᠠ᠂ ᠤᠲᠠᠰᠤᠲᠤ ᠲᠧᠯᠸᠢᠰ ᠵᠡᠷᠭᠡ ᠲᠤᠰᠬᠠᠢ ᠡᠵᠡᠩᠨᠡᠯᠲᠡ ᠶᠢᠨ ᠪᠡᠯᠡᠳᠬᠡᠮᠵᠢ ᠲᠥᠬᠦᠭᠡᠷᠦᠮᠵᠢ ᠵᠢᠴᠢ ᠬᠠᠮᠢᠶ᠎ᠠ ᠪᠦᠬᠦᠢ ᠬᠤᠭᠤᠯᠠᠢ ᠤᠲᠠᠰᠤ ᠶᠢ ᠬᠡᠨ ᠬᠠᠮᠠᠭᠠᠯᠠᠪᠠᠯ ᠵᠣᠬᠢᠬᠤ ᠪᠣᠶ︖
ᠨᠡᠶᠢᠲᠡᠯᠡᠭᠰᠡᠨ ᠴᠠᠭ᠄
2022/11/21
    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ︾ ᠤᠨ ᠵᠢᠷᠠᠨ ᠵᠢᠷᠭᠤᠳᠤᠭᠠᠷ ᠵᠦᠢᠯ ᠤᠨ ᠨᠢᠭᠡᠳᠦᠭᠡᠷ ᠵᠤᠷᠪᠤᠰ ᠲᠤ ︽ᠤᠰᠤ ᠬᠠᠩᠭᠠᠬᠤ᠂ ᠴᠠᠬᠢᠯᠭᠠᠨ ᠬᠠᠩᠭᠠᠬᠤ᠂ ᠢᠯᠴᠢ ᠬᠠᠩᠭᠠᠬᠤ᠂ ᠬᠡᠢ ᠬᠠᠩᠭᠠᠬᠤ᠂ ᠴᠢᠮᠡᠭᠡ ᠬᠤᠯᠪᠣᠭ᠎ᠠ᠂ ᠤᠲᠠᠰᠤᠲᠤ ᠲᠧᠯᠸᠢᠰ ᠵᠡᠷᠭᠡ ᠨᠢᠭᠡᠴᠢ ᠨᠦᠭᠦᠳ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠬᠡᠪᠴᠢᠶᠡᠨ ᠳᠠᠬᠢ ᠡᠷᠦᠬᠡ ᠳᠤ ᠬᠤᠪᠢᠶᠠᠷᠢᠯᠠᠭᠰᠠᠨ ᠲᠡᠭᠦᠰᠬᠡᠯ ᠦᠵᠦᠭᠦᠷ ᠤᠨ ᠬᠡᠮᠵᠢᠯᠲᠡ ᠶᠢᠨ ᠲᠣᠨᠣᠭᠯᠠᠯ ᠵᠢᠴᠢ ᠲᠡᠭᠦᠨ ᠠᠴᠠ ᠪᠤᠰᠤᠳ ᠪᠡᠯᠡᠳᠬᠡᠮᠵᠢ ᠲᠥᠬᠦᠭᠡᠷᠦᠮᠵᠢ ᠪᠤᠶᠤ ᠡᠷᠦᠬᠡ ᠶᠢᠨ ᠨᠡᠪᠲᠡᠷᠡᠭᠦᠯᠬᠦ ᠦᠵᠦᠭᠦᠷ ᠠᠴᠠ ᠭᠠᠳᠠᠨᠠᠬᠢ ᠪᠡᠯᠡᠳᠬᠡᠮᠵᠢ ᠲᠥᠬᠦᠭᠡᠷᠦᠮᠵᠢ ᠶᠢ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ᠂ ᠰᠢᠨᠡᠳᠬᠡᠬᠦ ᠶᠢ ᠬᠠᠷᠢᠭᠤᠴᠠᠬᠤ ᠶᠢᠨ ᠬᠠᠮᠲᠤ ᠬᠠᠮᠢᠶ᠎ᠠ ᠪᠦᠬᠦᠢ ᠵᠠᠷᠤᠳᠠᠯ ᠢ ᠡᠭᠦᠷᠭᠡᠯᠡᠬᠦ ᠬᠡᠷᠡᠭᠲᠡᠢ︾ ᠭᠡᠵᠦ ᠲᠣᠭᠲᠠᠭᠠᠵᠠᠢ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ