ᠨᠢᠭᠡᠨᠲᠡ ᠠᠰᠢᠭᠯᠠᠯᠲᠠ ᠳᠤ ᠣᠷᠣᠭᠤᠯᠤᠭᠰᠠᠨ ᠤᠰᠤ ᠬᠠᠩᠭᠠᠬᠤ᠂ ᠴᠠᠬᠢᠯᠭᠠᠨ ᠬᠠᠩᠭᠠᠬᠤ᠂ ᠢᠯᠴᠢ ᠬᠠᠩᠭᠠᠬᠤ ᠂ ᠬᠡᠢ ᠬᠠᠩᠭᠠᠬᠤ᠂ ᠴᠢᠮᠡᠭᠡ ᠬᠤᠯᠪᠣᠭ᠎ᠠ᠂ ᠤᠲᠠᠰᠤᠲᠤ ᠲᠧᠯᠸᠢᠰ ᠵᠡᠷᠭᠡ ᠲᠤᠰᠬᠠᠢ ᠡᠵᠡᠩᠨᠡᠯᠲᠡ ᠶᠢᠨ ᠲᠥᠬᠦᠭᠡᠷᠦᠮᠵᠢ ᠶᠢ ᠬᠡᠨ ᠳᠤ ᠰᠢᠯᠵᠢᠭᠦᠯᠦᠨ ᠲᠤᠰᠢᠶᠠᠪᠠᠯ ᠵᠣᠬᠢᠬᠤ ᠪᠣᠶ︖
ᠨᠡᠶᠢᠲᠡᠯᠡᠭᠰᠡᠨ ᠴᠠᠭ᠄
2022/11/21
    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ︾ ᠤᠨ ᠵᠢᠷᠠᠨ ᠲᠠᠪᠤᠳᠤᠭᠠᠷ ᠵᠦᠢᠯ ᠤᠨ ᠭᠤᠷᠪᠠᠳᠤᠭᠠᠷ ᠵᠤᠷᠪᠤᠰ ᠲᠤ᠄ ︽ᠨᠢᠭᠡᠨᠲᠡ ᠠᠰᠢᠭᠯᠠᠯᠲᠠ ᠳᠤ ᠣᠷᠣᠭᠤᠯᠤᠭᠰᠠᠨ ᠪᠡᠯᠡᠳᠬᠡᠮᠵᠢ ᠲᠥᠬᠦᠭᠡᠷᠦᠮᠵᠢ ᠵᠢᠴᠢ ᠬᠠᠮᠢᠶ᠎ᠠ ᠪᠦᠬᠦᠢ ᠬᠤᠭᠤᠯᠠᠢ ᠱᠤᠭᠤᠮ ᠢ ᠲᠤᠰᠬᠠᠢ ᠡᠵᠡᠩᠨᠡᠯᠲᠡ ᠶᠢᠨ ᠨᠢᠭᠡᠴᠢ ᠳᠤ ᠰᠢᠯᠵᠢᠭᠦᠯᠦᠨ ᠲᠤᠰᠢᠶᠠᠵᠤ ᠬᠠᠮᠠᠭᠠᠯᠠᠭᠤᠯᠤᠨ ᠬᠠᠮᠢᠶᠠᠷᠤᠭᠤᠯᠤᠭᠠᠳᠤᠢ ᠪᠠᠶᠢᠪᠠᠯ᠂ ᠠᠳᠠᠯ ᠠᠬᠤᠢ ᠶᠢᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠲᠤᠰᠬᠠᠢ ᠡᠵᠡᠩᠨᠡᠯᠲᠡ ᠶᠢᠨ ᠨᠢᠭᠡᠴᠢ ᠶᠢ ᠵᠣᠬᠢᠶᠠᠨ ᠪᠠᠶᠢᠭᠤᠯᠵᠤ ᠰᠢᠯᠭᠠᠨ ᠬᠤᠷᠢᠶᠠᠵᠤ ᠠᠪᠤᠨ᠎ᠠ᠃ ᠰᠢᠯᠭᠠᠨ ᠠᠪᠬᠤ ᠳᠤ ᠬᠢᠷᠢ ᠲᠡᠩᠴᠡᠭᠰᠡᠨ ᠪᠣᠯ ᠲᠤᠰᠬᠠᠢ ᠡᠵᠡᠩᠨᠡᠯᠲᠡ ᠶᠢᠨ ᠨᠢᠭᠡᠴᠢ ᠠᠴᠠ ᠭᠥᠯᠢᠶᠡᠨ ᠠᠪᠤᠨ᠎ᠠ᠃ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠮᠢᠶ᠎ᠠ ᠪᠦᠬᠦᠢ ᠨᠢᠭᠡᠴᠢ ᠶᠢ ᠵᠣᠬᠢᠶᠠᠨ ᠪᠠᠶᠢᠭᠤᠯᠤᠨ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠵᠤ ᠬᠢᠷᠢ ᠲᠡᠩᠴᠡᠭᠰᠡᠨ ᠤ ᠳᠠᠷᠠᠭ᠎ᠠ᠂ ᠲᠤᠰᠬᠠᠢ ᠡᠵᠡᠩᠨᠡᠯᠲᠡ ᠶᠢᠨ ᠨᠢᠭᠡᠴᠢ ᠠᠴᠠ ᠭᠥᠯᠢᠶᠡᠨ ᠠᠪᠤᠨ᠎ᠠ︾ ᠭᠡᠵᠦ ᠲᠣᠭᠲᠠᠭᠠᠵᠠᠢ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ