ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠳᠤ ᠶᠠᠮᠠᠷ ᠶᠠᠮᠠᠷ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠᠶᠢᠬᠤ ᠪᠣᠶ︖
ᠨᠡᠶᠢᠲᠡᠯᠡᠭᠰᠡᠨ ᠴᠠᠭ᠄
2022/11/21
    1. ᠭᠠᠵᠠᠷ ᠰᠢᠷᠣᠢ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ᠃    ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠥᠪᠡᠷ ᠤᠨ ᠬᠢᠨᠢ ᠭᠠᠵᠠᠷ ᠰᠢᠷᠣᠢ᠂ ᠠᠵᠤ ᠦᠢᠯᠡᠰ ᠤᠨ ᠬᠦᠷᠢᠶᠡᠯᠡᠩ ᠤᠨ ᠢᠵᠢ ᠪᠦᠷᠢᠳᠦᠭᠦᠯᠦᠨ ᠬᠡᠷᠡᠭᠯᠡᠬᠦ ᠭᠠᠵᠠᠷ ᠰᠢᠷᠣᠢ᠂ ᠰᠢᠨ᠎ᠡ ᠪᠠᠷ ᠬᠠᠩᠭᠠᠬᠤ ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ᠂ ᠦᠯᠡᠳᠡᠭᠡᠯ ᠰᠤᠯᠠ ᠲᠠᠯᠪᠢᠭᠳᠠᠵᠤ ᠪᠠᠶᠢᠭ᠎ᠠ ᠭᠡᠷ ᠪᠠᠶᠢᠰᠢᠩ ᠢ ᠠᠰᠢᠭᠯᠠᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠪᠠᠶᠢᠭᠤᠯᠬᠤ ᠶᠢ ᠳᠡᠮᠵᠢᠨ᠎ᠡ᠃ ︽ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠲᠦᠷᠭᠡᠳᠬᠡᠨ ᠬᠥᠭᠵᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ︹2021︺22 ᠳ᠋ᠤᠭᠠᠷ ᠲᠣᠭᠠᠲᠤ︶᠂ ︽ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠠᠵᠢᠯ ᠢ ᠲᠦᠷᠭᠡᠳᠬᠡᠨ ᠬᠥᠭᠵᠢᠭᠦᠯᠬᠦ ᠬᠤᠯᠪᠣᠭᠳᠠᠯ ᠪᠦᠬᠦᠢ ᠶᠠᠪᠤᠳᠠᠯ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹2021︺53 ᠳ᠋ᠤᠭᠠᠷ ᠲᠣᠭᠠᠲᠤ︶ ᠵᠡᠷᠭᠡ ᠠᠯᠢ ᠣᠯᠠᠨ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠭᠠᠵᠠᠷ ᠰᠢᠷᠣᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠥᠷᠳᠡᠨ᠎ᠡ᠃    2. ᠨᠥᠬᠦᠪᠦᠷᠢ ᠪᠡᠯᠡ ᠮᠥᠩᠭᠦ ᠶᠢ ᠬᠥᠷᠳᠡᠨ᠎ᠠ᠃    ᠤᠯᠤᠰ᠂ ᠥᠪᠡᠷᠲᠡᠭᠡᠨ ᠵᠠᠰᠠᠬᠤ ᠣᠷᠣᠨ ᠠᠴᠠ ᠨᠥᠬᠦᠴᠡᠯ ᠳᠤ ᠨᠡᠶᠢᠴᠡᠭᠰᠡᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠣᠨ ᠤ ᠲᠥᠯᠥᠪᠯᠡᠭᠡ ᠶᠢᠨ ᠲᠥᠷᠥᠯ ᠵᠦᠢᠯ ᠳᠤ ᠵᠣᠬᠢᠬᠤ ᠪᠡᠯᠡ ᠮᠥᠩᠭᠦ ᠶᠢᠨ ᠨᠥᠬᠦᠪᠦᠷᠢ ᠣᠯᠭᠤᠨ᠎ᠠ     3. ᠭᠠᠶᠢᠯᠢ ᠰᠦᠢᠳᠬᠡᠯ ᠤᠨ ᠳᠠᠷᠤᠭᠠᠰᠤ ᠶᠢ ᠬᠥᠩᠭᠡᠷᠡᠭᠦᠯᠦᠨ᠎ᠡ᠃  ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠬᠤᠯᠪᠣᠭᠳᠠᠯ ᠪᠦᠬᠦᠢ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ︽ᠣᠷᠣᠨ ᠰᠠᠭᠤᠴᠠ ᠲᠦᠷᠢᠶᠡᠰᠦᠯᠡᠬᠦ ᠬᠤᠯᠪᠣᠭᠳᠠᠯ ᠪᠦᠬᠦᠢ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠲᠤᠬᠠᠢ ᠡᠳ᠋ ᠤᠨ ᠵᠠᠰᠠᠭ ᠤᠨ ᠶᠠᠮᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠵᠠᠷ︾ ︵2021 ᠣᠨ ᠤ 24 ᠳ᠋ᠤᠭᠡᠷ ᠲᠣᠭᠠᠲᠤ︶ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ︵ᠰᠢᠨ᠎ᠡ ᠪᠠᠷ ᠪᠠᠶᠢᠭᠤᠯᠤᠭᠰᠠᠨ ᠡᠩ ᠤᠨ ᠲᠠᠸᠠᠷ ᠤᠨ ᠭᠡᠷ ᠪᠠᠶᠢᠰᠢᠩ ᠤᠨ ᠣᠷᠣᠨ ᠰᠠᠭᠤᠴᠠ ᠶᠢᠨ ᠲᠥᠷᠥᠯ ᠵᠦᠢᠯ ᠳᠤ ᠲᠣᠬᠢᠷᠠᠭᠤᠯᠤᠨ ᠪᠠᠶᠢᠭᠤᠯᠤᠭᠰᠠᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠪᠠᠭᠲᠠᠨ᠎ᠠ︶ ᠳᠤ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠠᠷᠢᠯᠭ᠎ᠠ ᠶᠢᠨ ᠲᠠᠯᠠᠪᠠᠶ ᠪᠠᠷ ᠬᠤᠲᠠ ᠶᠢᠨ ᠰᠠᠭᠤᠷᠢ ᠲᠦᠭᠦᠭᠡᠷᠦᠮᠵᠢ ᠶᠢᠨ ᠢᠵᠢ ᠪᠦᠷᠢᠳᠦᠭᠦᠯᠬᠦ ᠰᠦᠢᠳᠬᠡᠯ ᠬᠤᠷᠢᠶᠠᠬᠤ ᠦᠭᠡᠢ᠃ ᠣᠷᠣᠨ ᠰᠠᠭᠤᠴᠠ ᠶᠢᠨ ᠪᠤᠰᠤ ᠦᠯᠡᠳᠡᠭᠡᠯ ᠭᠠᠵᠠᠷ ᠰᠢᠷᠣᠢ ᠪᠠ ᠣᠷᠣᠨ ᠰᠠᠭᠤᠴᠠ ᠶᠢᠨ ᠪᠤᠰᠤ ᠦᠯᠡᠳᠡᠭᠡᠯ ᠭᠡᠷ ᠪᠠᠶᠢᠰᠢᠩ ᠢ ᠠᠰᠢᠭᠯᠠᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠪᠦᠲᠦᠭᠡᠨ ᠪᠠᠶᠢᠭᠤᠯᠵᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠤᠨ ᠨᠤᠳᠠᠯᠠᠯᠳᠠ ᠶᠢᠨ ᠪᠢᠴᠢᠭ ᠢ ᠣᠯᠣᠭᠰᠠᠨ ᠤ ᠳᠠᠷᠠᠭ᠎ᠠ᠂ ᠤᠰᠤ᠂ ᠴᠠᠬᠢᠯᠭᠠᠨ᠂ ᠬᠡᠢ᠂ ᠳᠤᠯᠠᠭᠠᠯᠠᠭ᠎ᠠ ᠶᠢᠨ ᠦᠨ᠎ᠡ ᠬᠠᠩᠰᠢ ᠶᠢ ᠰᠠᠭᠤᠭᠠᠯᠢ ᠠᠷᠠᠳ ᠤᠨ ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ᠃    4. ᠮᠥᠩᠭᠦᠨ ᠭᠦᠢᠯᠭᠡᠭᠡᠨ ᠤ ᠳᠡᠮᠵᠢᠯᠭᠡ ᠶᠢ ᠭᠥᠷᠳᠡᠨ᠎ᠡ᠃    ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠨᠢ ᠳᠤᠮᠳᠠ ᠣᠷᠳᠣ ᠬᠤᠭᠤᠴᠠᠭᠠᠨ ᠤ ᠵᠢᠭᠡᠯᠡᠯᠭᠡ ᠶᠢᠨ ᠳᠡᠮᠵᠢᠯᠭᠡ ᠶᠢ ᠬᠦᠷᠲᠡᠵᠦ᠂ ᠡᠯ᠎ᠡ ᠬᠤᠳᠠᠯᠳᠤᠭᠠᠨ ᠤ ᠪᠠᠩᠬᠢ ᠨᠢ ᠴᠢᠭᠯᠡᠯᠲᠦ ᠴᠢᠨᠠᠷᠲᠠᠢ ᠮᠥᠩᠭᠦᠨ ᠭᠦᠢᠯᠭᠡᠭᠡᠨ ᠤ ᠨᠡᠷᠡᠳᠬᠦᠨ ᠪᠠ ᠦᠢᠯᠡᠴᠢᠯᠡᠭᠡ ᠬᠠᠩᠭᠠᠵᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠲᠥᠷᠥᠯ ᠵᠦᠢᠯ ᠳᠤ ᠰᠠᠭᠤᠷᠢ ᠲᠦᠭᠦᠭᠡᠷᠦᠮᠵᠢ ᠶᠢᠨ ᠬᠦᠷᠢᠶ᠎ᠡ ᠴᠠᠷᠠᠭ᠎ᠠ ᠳᠠᠬᠢ ᠥᠯᠥ ᠬᠥᠳᠡᠯᠬᠦ ᠬᠥᠷᠥᠩᠭᠡ ᠶᠢᠨ ᠪᠡᠯᠡ ᠣᠷᠣᠭᠤᠯᠤᠯᠲᠠ ᠶᠢᠨ ᠢᠲᠡᠭᠡᠮᠵᠢᠲᠦ ᠨᠠᠶᠢᠳᠠᠯᠭ᠎ᠠ ᠶᠢᠨ ᠰᠠᠭᠤᠷᠢ ᠮᠥᠩᠭᠦ ᠪᠠ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠣᠷᠣᠭᠤᠯᠤᠯᠲᠠ ᠶᠢᠨ ᠢᠲᠡᠭᠡᠮᠵᠢᠲᠦ ᠨᠠᠶᠢᠳᠠᠯᠭ᠎ᠠ ᠶᠢᠨ ᠰᠠᠭᠤᠷᠢ ᠮᠥᠩᠭᠦ ︵RE-ITS︶ ᠶᠢᠨ ᠲᠤᠷᠰᠢᠯᠳᠠ ᠶᠢᠨ ᠴᠡᠭ ᠥᠷᠨᠢᠭᠦᠯᠬᠦ ᠶᠢ ᠲᠡᠮᠵᠢᠨ᠎ᠡ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ