ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠭᠡᠵᠦ ᠶᠠᠭᠤ ᠪᠣᠶ︖
ᠨᠡᠶᠢᠲᠡᠯᠡᠭᠰᠡᠨ ᠴᠠᠭ᠄
2022/11/21
    ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠪᠣᠯ ᠨᠥᠬᠦᠴᠡᠯ ᠳᠤ ᠨᠡᠶᠢᠴᠡᠬᠦ ᠰᠢᠨ᠎ᠡ ᠬᠤᠲᠠ ᠶᠢᠨ ᠠᠷᠠᠳ᠂ ᠵᠠᠯᠠᠭᠤᠴᠤᠳ ᠵᠡᠷᠭᠡ ᠣᠷᠣᠨ ᠰᠠᠭᠤᠴᠠ ᠶᠢᠨ ᠲᠠᠯ᠎ᠠ ᠪᠠᠷ ᠬᠦᠴᠢᠷᠳᠡᠯᠲᠡᠢ ᠬᠥᠮᠥᠰ ᠲᠤ ᠬᠠᠨᠳᠤᠭᠤᠯᠤᠨ᠂ ᠵᠠᠰᠠᠭ ᠤᠨ ᠣᠷᠳᠣᠨ ᠠᠴᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠵᠦ᠂ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠣᠯᠠᠨ ᠭᠤᠣᠯ ᠴᠣᠭᠴᠠ ᠶᠢᠨ ᠪᠡᠯᠡ ᠣᠷᠣᠭᠤᠯᠵᠤ᠂ ᠣᠯᠠᠨ ᠠᠷᠭ᠎ᠠ ᠵᠠᠮ ᠢᠶᠠᠷ ᠬᠠᠩᠭᠠᠬᠤ ᠶᠢ ᠬᠥᠲᠥᠯᠥᠨ ᠵᠢᠯᠤᠭᠤᠳᠴᠤ᠂ ᠵᠢᠵᠢᠭ ᠬᠡᠯᠪᠡᠷᠢ ᠶᠢᠨ ᠭᠡᠷ ᠪᠠᠶᠢᠰᠢᠩ᠂ ᠬᠢᠮᠳᠠ ᠲᠦᠷᠢᠶᠡᠰᠦᠨ ᠮᠥᠩᠭᠦ ᠬᠤᠷᠢᠶᠠᠬᠤ ᠶᠢ ᠪᠠᠷᠢᠮᠲᠠᠯᠠᠨ᠂ ᠠᠵᠢᠯᠲᠠᠨ ᠤ ᠲᠤᠭ᠎ᠠ ᠪᠠ ᠣᠷᠣᠨ ᠰᠠᠭᠤᠴᠠ ᠶᠢᠨ ᠲᠤᠭ᠎ᠠ ᠶᠢᠨ ᠲᠡᠩᠴᠡᠭᠦᠷᠢ ᠶᠢ ᠴᠢᠬᠤᠯᠠᠴᠢᠯᠠᠬᠤ ᠲᠦᠷᠢᠶᠡᠰᠦᠨ ᠣᠷᠣᠨ ᠰᠠᠭᠤᠴᠠ ᠪᠣᠯᠣᠨ᠎ᠠ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ