ᠣᠷᠳᠣᠰ ᠬᠤᠲᠠ ᠶᠢᠨ ᠪᠠᠷᠢᠯᠭ᠎ᠠ ᠶᠢᠨ ᠢᠨᠵᠧᠨᠧᠷᠢᠩ ᠤᠨ ᠰᠢᠯᠭᠠᠨ ᠪᠠᠶᠢᠴᠠᠭᠠᠯᠭᠠᠬᠤ ᠪᠠᠷ ᠬᠦᠷᠭᠡᠬᠦ ᠮᠠᠲ᠋ᠧᠷᠢᠶᠠᠯ ᠳᠤ ᠰᠢᠨ᠎ᠡ ᠪᠠᠷ ︽ᠪᠡᠶ᠎ᠡ ᠶᠢᠨ ᠦᠨᠡᠮᠯᠡᠯ︾ ᠨᠡᠮᠡᠭᠰᠡᠨ ᠪᠠᠶᠢᠨ᠎ᠠ
ᠨᠡᠶᠢᠲᠡᠯᠡᠭᠰᠡᠨ ᠴᠠᠭ᠄
2022/11/24
    ᠪᠠᠷᠢᠯᠭ᠎ᠠ ᠶᠢᠨ ᠠᠵᠢᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠪᠠᠷᠢᠮᠵᠢᠶᠠᠵᠢᠭᠤᠯᠤᠭᠰᠠᠨ ᠪᠠᠶᠢᠭᠤᠯᠤᠯᠲᠠ ᠶᠢ ᠲᠡᠭᠡᠭᠰᠢᠯᠡᠭᠦᠯᠬᠦ ᠶᠢᠨ ᠲᠦᠯᠦᠭᠡ᠂ ᠣᠷᠳᠣᠰ ᠬᠤᠳᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠡᠯ᠎ᠡ ᠬᠤᠰᠢᠭᠤ ᠲᠣᠭᠤᠷᠢᠭ ᠢ ᠵᠣᠬᠢᠶᠠᠨ ᠪᠠᠶᠢᠭᠤᠯᠵᠤ ᠪᠠᠶᠢᠭᠠᠳ ᠭᠡᠷᠡᠴᠢᠯᠡᠨ ᠦᠯᠢᠬᠡᠷ ᠠᠪᠬᠤ ᠴᠤᠷ ᠤᠨ ᠭᠠᠭᠴᠠ ᠲᠡᠮᠳᠡᠭ ᠤᠨ ᠮᠡᠷᠭᠡᠵᠢᠯ ᠤᠨ ᠲᠤᠷᠰᠢᠯᠲᠠ ᠵᠢᠴᠢ ᠳᠡᠯᠭᠡᠷᠡᠭᠦᠯᠬᠦ ᠠᠵᠢᠯ ᠢ ᠬᠢᠵᠦ᠂ ᠪᠧᠲ᠋ᠤᠨ ᠲᠤᠷᠰᠢᠯᠲᠠ ᠶᠢᠨ ᠬᠡᠰᠡᠭ᠂ ᠪᠣᠯᠣᠳ ᠰᠢᠷᠪᠦᠰᠦᠨ ᠤ ᠲᠤᠷᠰᠢᠯᠲᠠ ᠶᠢᠨ ᠳᠤᠨᠤᠭ ᠵᠡᠷᠭᠡ ᠪᠠᠷᠢᠯᠭ᠎ᠠ ᠶᠢᠨ ᠢᠨᠵᠧᠨᠧᠷᠢᠩ ᠤᠨ ᠰᠢᠯᠭᠠᠨ ᠪᠠᠶᠢᠴᠠᠭᠠᠯᠭᠠᠬᠤ ᠪᠠᠷ ᠬᠦᠷᠭᠡᠭᠰᠡᠨ ᠮᠠᠲ᠋ᠧᠷᠢᠶᠠᠯ ᠳᠤ ᠡᠳ᠋ ᠪᠠᠷᠠᠭᠠᠨ ᠤ ᠰᠦᠯᠵᠢᠶ᠎ᠡ ᠶᠢᠨ ︽ᠪᠡᠶ᠎ᠡ ᠶᠢᠨ ᠦᠨᠡᠮᠯᠡᠯ︾ ᠢ ᠰᠢᠨ᠎ᠡ ᠪᠠᠷ ᠨᠡᠮᠡᠵᠦ᠂ ᠦᠯᠢᠬᠡᠷ ᠠᠪᠴᠦ ᠭᠡᠷᠡᠴᠢᠯᠡᠬᠦ ᠲᠤᠭ᠎ᠠ ᠪᠠᠷᠢᠮᠲᠠ ᠶᠢᠨ ᠤᠷᠤᠮ ᠦᠯᠡᠳᠡᠭᠡᠬᠦ ᠪᠠ ᠮᠥᠷᠳᠡᠵᠦ ᠪᠣᠯᠬᠤ ᠶᠢ ᠪᠡᠶᠡᠯᠡᠭᠦᠯᠵᠡᠢ᠃ 
【盟市动态】鄂尔多斯市建筑工程送检材料新添了“身份证”!.png 
     ᠴᠣᠷ ᠤᠨ ᠭᠠᠭᠴᠠ ᠲᠡᠮᠳᠡᠭ ᠲᠠᠢ ᠭᠡᠷᠡᠴᠢᠯᠡᠨ ᠥᠯᠢᠭᠡᠷ ᠠᠪᠬᠤ ᠰᠢᠰᠲ᠋ᠧᠮ ᠪᠣᠯ ᠰᠢᠯᠵᠢᠮᠡᠯ ᠢᠨᠲ᠋ᠧᠷ ᠰᠦᠯᠵᠢᠶ᠎ᠡ᠂ GIS ᠪᠠ ᠬᠤᠶᠠᠷ ᠬᠡᠮᠵᠢᠯᠲᠦ ᠺᠤᠳ᠋ ᠤᠨ ᠮᠡᠷᠭᠡᠵᠢᠯ ᠢ ᠠᠰᠢᠭᠯᠠᠨ ᠪᠠᠶᠢᠭᠤᠯᠤᠭᠰᠠᠨ ︽ᠢᠨᠲ᠋ᠧᠷ ᠰᠦᠯᠵᠢᠶ᠎ᠡ +︾ ᠭᠡᠷᠡᠴᠢᠯᠡᠨ ᠥᠯᠢᠭᠡᠷ ᠠᠪᠬᠤ ᠰᠢᠰᠲ᠋ᠧᠮ ᠪᠣᠯᠣᠨ᠎ᠠ᠂ ᠲᠤᠬᠠᠢ ᠶᠢᠨ ᠲᠠᠯᠠᠪᠤᠷ ᠲᠤ ᠭᠡᠷᠡᠴᠢᠯᠡᠨ ᠥᠯᠢᠭᠡᠷ ᠠᠪᠬᠤ ᠴᠠᠭ᠂ ᠭᠠᠵᠠᠷ ᠣᠷᠣᠨ᠂ ᠠᠵᠢᠯᠲᠠᠨ ᠭᠤᠷᠪᠠᠨ ᠡᠯᠧᠮᠧᠨ᠋ᠲ ᠪᠠ ᠥᠯᠢᠭᠡᠷ ᠠᠪᠬᠤ ᠵᠢᠷᠤᠭ ᠳᠦᠷᠰᠦᠲᠦ ᠮᠡᠳᠡᠭᠡ ᠵᠠᠩᠭᠢ ᠳᠤ ᠬᠢᠨᠠᠯᠲᠠ ᠬᠠᠮᠢᠶᠠᠷᠤᠯᠲᠠ ᠶᠠᠪᠤᠭᠤᠯᠵᠤ᠂ ᠲᠤᠷᠰᠢᠯᠲᠠ ᠶᠢᠨ ᠲᠣᠨᠤᠭ ᠲᠤ ᠴᠣᠷ ᠤᠨ ᠭᠠᠭᠴᠠ ᠬᠢᠷᠢ ᠬᠡᠮ ᠤᠨ ᠭᠡᠷᠡᠴᠢᠯᠡᠯ ᠣᠯᠭᠤᠨ᠎ᠠ᠃ ᠭᠡᠷᠡᠴᠢᠯᠡᠨ ᠦᠯᠢᠭᠡᠷ ᠠᠪᠬᠤ ᠴᠣᠷ ᠤᠨ ᠭᠠᠭᠴᠠ ᠲᠡᠮᠳᠡᠭ ᠤᠨ ᠰᠢᠰᠲ᠋ᠧᠮ ᠢ ᠬᠡᠷᠡᠭᠯᠡᠵᠦ᠂ ᠥᠯᠢᠭᠡᠷ ᠠᠪᠬᠤ᠂ ᠭᠡᠷᠡᠴᠢᠯᠡᠬᠦ᠂ ᠬᠦᠷᠭᠡᠵᠦ ᠪᠠᠶᠢᠴᠠᠭᠠᠯᠭᠠᠬᠤ᠂ ᠬᠠᠮᠤᠭ ᠡᠴᠦᠰ ᠲᠤ ᠲᠤᠷᠰᠢᠯᠲᠠ ᠶᠢᠨ ᠮᠡᠳᠡᠭᠦᠯᠦᠯᠲᠡ ᠭᠠᠷᠭᠠᠬᠤ ᠪᠦᠷᠢᠨ ᠪᠦᠲᠦᠨ ᠪᠢᠲᠡᠭᠦᠦ ᠴᠠᠭᠠᠷᠢᠭ ᠤᠨ ᠰᠢᠰᠲ᠋ᠧᠮ ᠢ ᠪᠦᠷᠢᠯᠳᠦᠭᠦᠯᠵᠦ᠂ ᠭᠡᠷᠡᠴᠢᠯᠡᠨ ᠥᠯᠢᠭᠡᠷ ᠠᠪᠬᠤ ᠪᠠ ᠮᠠᠲ᠋ᠧᠷᠢᠶᠠᠯ ᠢ ᠬᠦᠷᠭᠡᠵᠦ ᠪᠠᠶᠢᠴᠠᠭᠠᠯᠭᠠᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠦᠲᠦᠮᠵᠢᠲᠡᠶ ᠬᠤᠷᠢᠭᠯᠠᠵᠤ᠂ ︽ᠲᠤᠭ᠎ᠠ ᠪᠠᠷᠢᠮᠲᠠ ᠶᠢ ᠬᠠᠷᠢᠴᠠᠭᠤᠯᠵᠤ ᠪᠣᠯᠬᠤ᠂ ᠶᠠᠪᠤᠴᠠ ᠶᠢ ᠮᠥᠷᠳᠡᠵᠦ ᠪᠣᠯᠬᠤ᠂ ᠦᠢᠯᠡ ᠠᠵᠢᠯᠯᠠᠭ᠎ᠠ ᠳᠤ ᠬᠢᠨᠠᠯᠲᠠ ᠲᠠᠯᠪᠢᠵᠤ ᠪᠣᠯᠬᠤ᠂ ᠠᠰᠠᠭᠤᠳᠠᠯ ᠢ ᠬᠢᠨᠠᠨ ᠪᠠᠶᠢᠴᠠᠭᠠᠵᠦ ᠪᠣᠯᠬᠤ︾ ᠰᠢᠨ᠎ᠡ ᠬᠡᠯᠪᠡᠷᠢ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠪᠡᠶᠡᠯᠡᠭᠦᠯᠵᠦ᠂ ᠪᠠᠷᠢᠯᠭ᠎ᠠ ᠶᠢᠨ ᠠᠵᠢᠯ ᠤᠨ ᠶᠠᠰᠤ ᠴᠢᠨᠠᠷ ᠢ ᠪᠦᠲᠦᠮᠵᠢᠲᠡᠶ ᠪᠠᠲᠤᠯᠠᠵᠤ ᠪᠠᠶᠢᠨ᠎ᠠ᠃    ᠲᠠᠷᠠᠭᠠᠴᠢ ᠶᠢᠨ ᠠᠯᠬᠤᠮ ᠳᠤ᠂ ᠣᠷᠳᠣᠰ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠲᠤᠷᠰᠢᠯᠲᠠ ᠶᠢ ᠨᠡᠶᠢᠳᠡᠮ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠰᠢᠨ᠎ᠡ ᠪᠠᠷ ᠪᠠᠶᠢᠭᠤᠯᠤᠭᠰᠠᠨ ᠢᠨᠵᠧᠨᠧᠷᠢᠩ ᠳᠤ ᠭᠡᠷᠡᠴᠢᠯᠡᠨ ᠥᠯᠢᠭᠡᠷ ᠠᠪᠬᠤ ᠴᠣᠷ ᠤᠨ ᠭᠠᠭᠴᠠ ᠲᠡᠮᠳᠡᠭ ᠤᠨ ᠰᠢᠰᠲ᠋ᠧᠮ ᠢ ᠳᠡᠯᠭᠡᠷᠡᠭᠦᠯᠦᠨ ᠬᠡᠷᠡᠭᠯᠡᠬᠦ ᠶᠢ ᠪᠥᠬᠦ ᠲᠠᠯ᠎ᠠ ᠪᠠᠷ ᠡᠬᠢᠯᠡᠭᠦᠯᠵᠦ᠂ ︽ᠢᠨᠲ᠋ᠧᠷ ᠰᠦᠯᠵᠢᠶ᠎ᠡ + ᠢᠨᠵᠧᠨᠧᠷᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ︾ ᠶᠢ ᠪᠥᠬᠦ ᠲᠠᠯ᠎ᠠ ᠪᠠᠷ ᠠᠬᠢᠭᠤᠯᠤᠨ᠎ᠠ᠃ 
ᠢᠷᠡᠯᠲᠡ᠄ ᠣᠷᠳᠣᠰ ᠬᠤᠲᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ