ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠪᠠᠷᠢᠮᠵᠢᠶ᠎ᠠ ᠶᠢᠨ ᠠᠵᠢᠯ ᠤᠨ ᠪᠤᠯᠪᠠᠰᠤᠷᠠᠯ ᠦᠷᠨᠢᠭᠦᠯᠪᠡ
ᠨᠡᠶᠢᠲᠡᠯᠡᠭᠰᠡᠨ ᠴᠠᠭ᠄
2022/11/24
    11 ᠳ᠋ᠤᠭᠡᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠪᠥᠬᠦ ᠣᠷᠣᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠪᠠᠷᠢᠮᠵᠢᠶ᠎ᠠ ᠶᠢᠨ ᠠᠵᠢᠯ ᠤᠨ ᠪᠣᠯᠪᠠᠰᠤᠷᠠᠯ ᠢ ᠵᠣᠬᠢᠶᠠᠨ ᠪᠠᠶᠢᠭᠤᠯᠤᠨ ᠦᠷᠨᠢᠭᠦᠯᠪᠡ᠃ 
自治区住房和城乡建设厅组织开展行政裁量权基准工作培训.png 
     ᠲᠣᠰ ᠤᠳᠠᠭᠠᠨ ᠤ ᠪᠣᠯᠪᠠᠰᠤᠷᠠᠯ ᠳᠤ᠂ ︽ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠪᠠᠷᠢᠮᠵᠢᠶ᠎ᠠ ᠶᠢ ᠲᠣᠭᠲᠠᠭᠠᠬᠤ ᠪᠠ ᠬᠠᠮᠢᠶᠠᠷᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠤᠣᠯᠳᠠᠯᠭ᠎ᠠ ᠲᠠᠢ ᠤᠯᠠᠮᠵᠢᠯᠠᠨ ᠰᠤᠷᠤᠯᠴᠠᠵᠤ᠂ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠪᠠᠷᠢᠮᠵᠢᠶ᠎ᠠ ᠶᠢ ᠲᠣᠭᠲᠠᠭᠠᠬᠤ ᠭᠤᠣᠯ ᠴᠣᠭᠴᠠ ᠨᠢ ᠲᠣᠳᠣᠷᠬᠠᠢ ᠦᠭᠡᠢ᠂ ᠲᠣᠭᠲᠠᠭᠠᠭᠰᠠᠨ ᠲᠠᠰ ᠳᠠᠷᠠᠭᠠᠯᠠᠯ ᠨᠢ ᠵᠢᠷᠤᠮᠵᠢᠯ ᠦᠭᠡᠢ᠂ ᠲᠠᠰᠤᠯᠤᠯᠲᠠ ᠶᠢᠨ ᠬᠡᠮᠵᠢᠶ᠎ᠡ ᠨᠢ ᠵᠦᠢ ᠵᠣᠬᠢᠰ ᠦᠭᠡᠢ ᠵᠡᠷᠭᠡ ᠬᠡᠷᠡᠭ ᠤᠨ ᠵᠢᠱᠢᠶ᠎ᠡ ᠪᠠ ᠠᠰᠠᠭᠤᠳᠠᠯ ᠲᠠᠢ ᠤᠶᠠᠯᠳᠤᠭᠤᠯᠤᠨ ᠲᠠᠶᠢᠯᠤᠮᠵᠢ ᠬᠢᠪᠡ᠃    ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠬᠡᠷᠡᠭᠵᠢᠭᠦᠯᠦᠯᠲᠡ ᠨᠢ ᠵᠠᠬ᠎ᠠ ᠳᠡᠯᠭᠡᠭᠦᠷ ᠤᠨ ᠭᠤᠤᠯ ᠴᠣᠭᠴᠠ ᠪᠠ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ ᠪᠠᠶᠢᠳᠠᠭ᠃ ᠲᠣᠰ ᠤᠳᠠᠭᠠᠨ ᠤ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠵᠣᠷᠢᠯᠭ᠎ᠠ ᠪᠣᠯ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠪᠠᠷᠢᠮᠵᠢᠶ᠎ᠠ ᠶᠢ ᠲᠣᠭᠲᠠᠭᠠᠬᠤ ᠭᠤᠤᠯ ᠴᠣᠭᠴᠠ᠂ ᠡᠭᠦᠷᠭᠡ ᠲᠤᠰᠢᠶᠠᠯ ᠤᠨ ᠡᠷᠬᠡ ᠶᠢᠨ ᠬᠢᠵᠠᠭᠠᠷ᠂ ᠲᠤᠭᠳᠠᠭᠠᠬᠤ ᠲᠠᠷᠬᠠᠭᠠᠬᠤ ᠵᠢᠷᠤᠮ᠂ ᠬᠢᠨᠠᠯᠲᠠ ᠬᠠᠮᠢᠶᠠᠷᠤᠯᠲᠠ ᠵᠡᠷᠭᠡ ᠪᠣᠳᠠᠲᠠᠢ ᠲᠣᠭᠲᠠᠭᠠᠯ ᠢ ᠤᠯᠠᠮ ᠨᠢᠭᠡ ᠠᠯᠬᠤᠮ ᠰᠤᠷᠤᠯᠴᠠᠨ ᠡᠵᠡᠮᠰᠢᠵᠦ᠂ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠪᠠᠷᠢᠮᠵᠢᠶ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠴᠢᠩᠭ᠎ᠠ ᠵᠢᠷᠤᠮᠵᠢᠭᠤᠨ ᠲᠥᠪ ᠭᠤᠥᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠬᠤ ᠶᠢᠨ ᠲᠥᠯᠥᠭᠡ ᠶᠤᠮ᠃ ᠣᠶᠢᠷ᠎ᠠ ᠶᠢᠨ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠵᠠᠰᠠᠭ ᠵᠠᠬᠢᠷᠭᠠᠨ ᠤ ᠲᠠᠰᠤᠯᠤᠯᠲᠠ ᠶᠢᠨ ᠪᠠᠷᠢᠮᠵᠢᠶ᠎ᠠ ᠶᠢ ᠲᠣᠭᠲᠠᠭᠠᠬᠤ ᠪᠠ ᠬᠠᠮᠢᠶᠠᠷᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠪᠠᠷᠢᠮᠵᠢᠶ᠎ᠠ ᠶᠢ ᠨᠠᠷᠢᠯᠢᠭᠵᠢᠭᠤᠯᠤᠨ ᠬᠡᠮᠵᠢᠶᠡᠯᠡᠵᠦ᠂ ᠳᠦᠷᠢᠮ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ 2021 ᠣᠨ ᠤ 6 ᠳ᠋ᠤᠭᠠᠷ ᠰᠠᠷ᠎ᠠ ᠳᠤ ︽ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠴᠢᠯᠦᠭᠡᠲᠦ ᠲᠠᠰᠤᠯᠤᠯᠲᠠ ᠶᠢᠨ ᠪᠠᠷᠢᠮᠵᠢᠶ᠎ᠠ ᠶᠢ ᠬᠡᠷᠡᠭᠵᠢᠭᠦᠯᠬᠦ ᠳᠦᠷᠢᠮ︾ ︽ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠴᠢᠯᠦᠭᠡᠲᠦ ᠲᠠᠰᠤᠯᠤᠯᠲᠠ ᠶᠢᠨ ᠪᠠᠷᠢᠮᠵᠢᠶ᠎ᠠ︾ ᠳᠤ ᠵᠠᠰᠠᠪᠤᠷᠢ ᠣᠷᠣᠭᠤᠯᠤᠨ ᠨᠡᠶᠢᠲᠡᠯᠡᠪᠡ᠃ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠬᠡᠷᠡᠭᠵᠢᠭᠦᠯᠦᠯᠲᠡ ᠶᠢ ᠬᠦᠴᠦᠯᠡᠨ ᠵᠢᠷᠤᠮᠵᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠳᠤᠮᠳᠠᠬᠢ ᠬᠡᠲᠦ ᠬᠥᠩᠭᠡᠨ ᠪᠤᠶᠤ ᠬᠡᠲᠦ ᠬᠦᠨᠳᠦ᠂ ᠠᠳᠠᠯᠢ ᠲᠥᠷᠥᠯ ᠤᠨ ᠬᠡᠷᠡᠭ ᠢ ᠠᠳᠠᠯᠢ ᠪᠤᠰᠤ ᠪᠠᠷ ᠲᠣᠷᠭᠠᠬᠤ ᠵᠡᠷᠭᠡ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠪᠥᠬᠦ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠬᠠᠤᠯᠢ ᠬᠡᠷᠡᠭᠵᠢᠭᠦᠯᠬᠦ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ ᠦᠭᠡᠢ ᠲᠡᠭᠡᠭᠰᠢᠯᠡᠭᠦᠯᠪᠡ᠃    ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠬᠠᠮᠢᠶ᠎ᠠ ᠪᠦᠬᠦᠢ ᠭᠠᠵᠠᠷ ᠲᠠᠰᠤᠭ᠂ ᠰᠢᠭᠤᠳ ᠬᠠᠷᠢᠶ᠎ᠠ ᠨᠢᠭᠡᠴᠢ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠪᠠ ᠬᠠᠤᠯᠢ ᠳᠦᠷᠢᠮ ᠤᠨ ᠬᠢᠨᠠᠨ ᠬᠠᠷᠭᠤᠭᠤᠯᠬᠤ ᠠᠵᠢᠯᠲᠠᠨ᠂ ᠡᠯ᠎ᠡ ᠠᠶᠢᠮᠠᠭ ᠬᠤᠲᠠ᠂ ᠮᠠᠨᠵᠤᠤᠷ ᠬᠤᠲᠠ᠂ ᠡᠷᠢᠶᠡᠨ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠬᠠᠮᠢᠶ᠎ᠠ ᠪᠦᠬᠦᠢ ᠠᠵᠢᠯᠲᠠᠨ ᠪᠣᠯᠪᠠᠰᠤᠷᠠᠯ ᠳᠤ ᠤᠷᠤᠯᠴᠠᠪᠠ᠃ 
ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ